2024/4/1 3 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠮᠡᠳᠡᠭᠡ ᠨᠡᠶᠢᠲᠡᠯᠡᠵᠦ᠂ | ᠥᠷᠭᠡᠨ ᠣᠯᠠᠨ ᠵᠢᠭᠤᠯᠴᠢᠯᠠᠭᠰᠠᠳ ᠲᠤ ᠠᠰᠢᠭ ᠬᠦᠷᠲᠡᠭᠡᠨ᠂ ᠳᠥᠷᠪᠡᠨ ᠵᠦᠭ ᠨᠠᠢᠮᠠᠨ ᠵᠣᠪᠬᠢᠰ ᠤᠨ ᠨᠠᠶᠢᠵᠠ ᠨᠠᠷ ᠢ ᠪᠠᠶᠠᠷᠯᠠᠨ ᠤᠭᠲᠤᠬᠤ ᠶᠢᠨ ᠲᠥᠯᠥᠭᠡ᠂ ᠪᠥᠬᠦ | ᠣᠷᠣᠨ ᠤ A ᠲᠠᠰ ᠤᠨ 80 ᠵᠢᠭᠤᠯᠴᠢᠯᠠᠯ ᠦᠵᠡᠮᠵᠢ ᠶᠢᠨ ᠣᠷᠣᠨ ᠤ ᠶᠡᠭᠡ ᠡᠭᠦᠳᠡᠨ ᠪᠢᠯᠧᠲ ᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ | ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠡᠯᠲᠦᠷᠢᠭᠦᠯᠦᠨ᠎ᠡ ᠭᠡᠵᠡᠢ᠃ | A ᠳᠡᠰ ᠤᠨ 80 ᠵᠢᠭᠤᠯᠴᠢᠯᠠᠯ ᠦᠵᠡᠮᠵᠢ ᠶᠢᠨ ᠣᠷᠣᠨ᠋ ᠨᠢ ᠪᠦᠬᠦ ᠣᠷᠣᠨ ᠤ 12 ᠠᠶᠢᠮᠠᠭ ᠬᠤᠲᠠ ᠳᠤ ᠲᠦᠭᠡᠵᠡᠢ᠂ ᠡᠭᠦᠨ ᠳᠤ ᠬᠥᠬᠡᠬᠤᠲᠠ ᠶᠢᠨ | ᠮᠧᠩ ᠼᠤᠤ · ᠼᠤᠤ ᠪᠥᠸᠧ ᠶᠤᠸᠠᠨ ᠦᠵᠡᠮᠵᠢ ᠶᠢᠨ ᠣᠷᠣᠨ᠂ ᠪᠤᠭᠤᠲᠤ ᠬᠤᠲᠠ ᠶᠢᠨ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠢᠭᠤᠯᠴᠢᠯᠠᠯ ᠤᠨ | ᠣᠷᠣᠨ᠂ ᠬᠥᠯᠥᠨ ᠪᠤᠶᠢᠷ ᠬᠤᠲᠠ ᠶᠢᠨ ᠬᠥᠯᠥᠨ ᠪᠤᠶᠢᠷ ᠤᠨ ᠡᠷᠲᠡᠨ ᠤ ᠬᠤᠲᠠ ᠶᠢᠨ ᠵᠢᠭᠤᠯᠴᠢᠯᠠᠯ ᠤᠨ ᠣᠷᠣᠨ᠂ ᠬᠢᠩᠭᠠᠨ ᠠᠶᠢᠮᠠᠭ ᠤᠨ ᠷᠠᠰᠢᠶᠠᠨ ᠵᠢᠭᠤᠯᠴᠢᠯᠠᠯ ᠤᠨ | ᠠᠮᠠᠷᠠᠯᠲᠠ ᠶᠢᠨ ᠭᠠᠵᠠᠷ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥ᠋ ᠢᠦᠢ ᠶᠤᠸᠠᠨ ᠦᠵᠡᠮᠵᠢ ᠶᠢᠨ ᠣᠷᠣᠨ᠂ ᠤᠯᠠᠭᠠᠨᠬᠠᠳᠠ ᠬᠤᠲᠠ ᠶᠢᠨ ᠯᠢᠦᠢ ᠶᠤᠸᠠᠨ | ᠠᠮᠢ ᠠᠬᠤᠢ ᠶᠢᠨ ᠦᠵᠡᠮᠵᠢ ᠶᠢᠨ ᠣᠷᠣᠨ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠶᠢᠨ ᠪᠡᠶᠢᠰᠡ ᠶᠢᠨ ᠰᠦᠮ᠎ᠡ ᠶᠢᠨ ᠵᠢᠭᠤᠯᠴᠢᠯᠠᠯ ᠦᠵᠡᠮᠵᠢ ᠶᠢᠨ | ᠣᠷᠣᠨ᠂ ᠤᠯᠠᠭᠠᠨᠴᠠᠪ ᠬᠤᠲᠠ ᠶᠢᠨ ᠪᠠ ᠸᠠᠩ ᠾᠧ ᠠᠮᠢ ᠠᠬᠤᠢ ᠶᠢᠨ ᠴᠡᠴᠡᠷᠯᠢᠭ ᠤᠨ ᠦᠵᠡᠮᠵᠢ ᠶᠢᠨ ᠣᠷᠣᠨ᠂ ᠣᠷᠳᠣᠰ ᠬᠤᠲᠠ ᠶᠢᠨ ᠡᠩᠬᠡᠪᠡᠢ | ᠵᠢᠭᠤᠯᠴᠢᠯᠠᠯ ᠤᠨ ᠣᠷᠣᠨ᠂ ᠪᠠᠶᠠᠨᠨᠠᠭᠤᠷ ᠬᠤᠲᠠ ᠶᠢᠨ ᠲᠡᠮᠡᠭᠡᠨ ᠵᠢᠩ ᠤᠨ ᠤᠯᠠᠭ᠎ᠠ ᠥᠷᠲᠡᠭᠡ ᠵᠢᠭᠤᠯᠴᠢᠯᠠᠯ ᠤᠨ ᠣᠷᠣᠨ᠂ ᠦᠬᠠᠢ ᠬᠤᠲᠠ ᠶᠢᠨ ᠬᠠᠨ ᠰᠧᠨ | ᠡᠳ᠋ᠯᠡᠩ ᠤᠨ ᠦᠵᠡᠮᠵᠢ ᠶᠢᠨ ᠣᠷᠣᠨ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠣᠪᠣᠭᠠᠨ ᠠᠭᠤᠯᠠ ᠵᠢᠭᠤᠯᠴᠢᠯᠠᠯ ᠤᠨ ᠣᠷᠣᠨ ᠵᠡᠷᠭᠡ ᠶᠢ | ᠪᠠᠭᠲᠠᠭᠠᠭᠰᠠᠨ ᠤᠯᠠᠨ ᠨᠡᠷᠡᠳᠦ ᠦᠵᠡᠮᠵᠢ ᠶᠢᠨ ᠭᠠᠵᠠᠷ ᠴᠥᠮ ᠨᠡᠷᠡᠰ ᠤᠨ ᠵᠢᠭᠰᠠᠭᠠᠯᠲᠠ ᠳᠤ ᠣᠷᠣᠪᠠ᠃ | ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠰᠠᠶᠢᠵᠢᠷᠠᠭᠤᠯᠬᠤ ᠶᠢᠨ ᠲᠥᠯᠥᠭᠡ᠂ ᠮᠠᠨ ᠤ ᠣᠷᠣᠨ 5 ᠳ᠋ᠤᠭᠠᠷ ᠰᠠᠷ᠎ᠠ ᠶᠢᠨ 1 ᠤ ᠡᠳᠦᠷ ᠠᠴᠠ | ︽2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠵᠢᠭᠤᠯᠴᠢᠯᠠᠭᠰᠠᠳ ᠢ ᠤᠷᠢᠨ ᠠᠪᠴᠢᠷᠠᠭᠰᠠᠨ ᠢ ᠱᠠᠩᠨᠠᠬᠤ ᠠᠷᠭ᠎ᠠ︾ ᠶᠢ | ᠬᠡᠷᠡᠭᠵᠢᠭᠦᠯᠬᠦ ᠪᠣᠯᠣᠨ᠎ᠠ᠂ ᠲᠤᠬᠠᠢ ᠶᠢᠨ ᠦᠶᠡᠰ ᠲᠤ ᠨᠠᠩ ᠣᠯᠠᠨ ᠬᠠᠷᠠᠭᠠᠯᠵᠠᠯ᠂ ᠨᠠᠩ ᠣᠯᠠᠨ ᠭᠡᠨᠡᠳᠲᠡ ᠶᠢᠨ ᠪᠠᠶᠠᠷ ᠢ ᠨᠡᠶᠢᠲᠡᠯᠡᠨ᠎ᠡ᠃ | |