2024 ᠤᠨ ᠤ ᠪᠦᠬᠦ ᠬᠤᠰᠢᠭᠤᠨ ᠤ ᠬᠠᠩᠰᠢ ᠶᠢᠨ ᠡᠳᠤᠷ ᠤᠨ ᠪᠤᠯᠪᠠᠰᠤᠨ ᠲᠠᠬᠢᠯᠭ᠎ᠠ ᠬᠢᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/2

ᠪᠦᠬᠦ ᠬᠤᠰᠢᠭᠤᠨ ᠤ ᠤᠯᠠᠨ ᠲᠦᠮᠠᠨ ᠳᠤ᠄

      ᠬᠠᠩᠰᠢ ᠶᠢᠨ ᠡᠳᠤᠷ ᠤᠳᠠᠯ ᠦᠭᠡᠢ ᠬᠦᠷᠴᠤ ᠢᠷᠠᠬᠦ ᠪᠠᠷ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠨᠥᠭᠴᠢᠭᠰᠡᠳ ᠢᠶᠠᠨ ᠲᠠᠬᠢᠵᠤ᠂

ᠭᠠᠰᠢᠭᠤᠳᠠᠯ ᠢᠶᠠᠨ ᠢᠯᠡᠳᠬᠡᠬᠦ ᠲᠠᠰᠢᠷᠠᠮ ᠢᠶᠠᠷ᠂ ᠬᠠᠭᠤᠴᠢᠨ ᠵᠠᠩ ᠳᠠᠳᠬᠠᠯ ᠢ ᠥᠭᠡᠷᠡᠴᠢᠯᠡᠵᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂

ᠬᠠᠩᠰᠢ ᠶᠢᠨ ᠲᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠬᠳᠠᠭᠤᠯᠬᠤ ᠶᠢᠨ ᠲᠥᠯᠥᠭᠡ᠂ ᠪᠦᠬᠦ ᠬᠤᠰᠢᠭᠤᠨ ᠤ ᠥᠷᠭᠡᠨ ᠤᠯᠠᠨ 

ᠠᠷᠠᠳ ᠲᠦᠮᠡᠨ ᠳᠤ ᠲᠤᠤᠷᠠᠬᠢ ᠮᠡᠳᠤ ᠤᠨᠴᠠᠭᠠᠶᠢᠯᠠᠨ ᠰᠠᠨᠠᠭᠠᠴᠢᠯᠠᠶ᠎ᠠ᠄

      ᠨᠢᠭᠡ᠂ ᠮᠠᠭᠤ ᠳᠠᠳᠬᠠᠯ ᠢᠶᠠᠨ ᠲᠠᠶᠠᠭᠳᠠᠵᠤ᠂ ᠪᠣᠯᠪᠠᠰᠤᠨ ᠢᠶᠠᠷ ᠲᠠᠬᠢᠯᠭ᠎ᠠ ᠬᠢᠶ᠎ᠠ᠃ ᠭᠡᠷ ᠪᠦᠯᠢ ᠪᠠᠷ ᠢᠶᠠᠨ ᠳᠤᠷᠠᠰᠤᠨ ᠰᠠᠨᠠᠭᠠᠯᠵᠠᠬᠤ᠂ ᠰᠦᠯᠵᠢᠶᠡᠨ ᠳᠡᠭᠡᠷ᠎ᠡ

ᠳᠠᠬᠢᠬᠤ᠂ ᠰᠣᠷᠭᠤᠭ ᠴᠡᠴᠡᠭ ᠢᠶᠠᠷ ᠳᠠᠬᠢᠬᠤ᠂ ᠵᠣᠬᠢᠶᠠᠯ ᠪᠢᠴᠢᠵᠦ ᠳᠤᠷᠠᠰᠤᠨ ᠰᠠᠨᠠᠭᠠᠯᠵᠠᠬᠤ᠂ ᠠᠯᠤᠰ ᠠᠴᠠ ᠳᠠᠬᠢᠬᠤ ᠵᠡᠷᠭᠡ ᠬᠡᠯᠪᠡᠷᠢ ᠪᠠᠷ ᠡᠪᠦᠭᠡ ᠳᠡᠭᠡᠳᠦᠰ ᠢᠶᠠᠨ

ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠵᠤ᠂ ᠨᠢᠭᠡ ᠪᠠᠭᠴᠠ ᠴᠡᠴᠡᠭ ᠬᠦᠷᠭᠡᠬᠦ᠂ ᠨᠢᠭᠡ ᠬᠤᠨᠳᠠᠭ᠎ᠠ ᠠᠷᠢᠬᠢ ᠪᠠᠷᠢᠬᠤ᠂ ᠨᠢᠭᠡ ᠰᠠᠭᠤᠷᠢ ᠮᠣᠳᠣ ᠲᠠᠷᠢᠬᠤ᠂

ᠤᠩᠭᠤᠨ ᠤ ᠬᠥᠰᠢᠶ᠎ᠡ ᠶᠢ ᠴᠡᠪᠡᠷᠯᠡᠬᠦ ᠵᠡᠷᠭᠡ ᠤᠷᠴᠢᠨ ᠲᠤᠭᠤᠷᠢᠨ ᠳᠤ ᠪᠤᠬᠢᠷᠳᠤᠯ ᠦᠭᠡᠢ ᠬᠡᠯᠪᠡᠷᠢ ᠪᠠᠷ  ᠪᠠᠭ᠎ᠠ ᠨᠡᠬᠦᠷᠠᠰᠤᠳᠦ᠋ᠷᠦᠭᠴᠢᠳᠤ  ᠪᠤᠯᠪᠠᠰᠤᠨ ᠲᠠᠬᠢᠯᠭ᠎ᠠ

ᠬᠢᠬᠦ ᠰᠢᠨ᠎ᠠ ᠬᠡᠪ ᠰᠤᠷᠳᠠᠯ ᠢ ᠦᠢᠯᠡᠳᠤᠯᠬᠡᠵᠢᠬᠦᠯᠤᠶ᠎ᠠ᠃

      ᠬᠤᠶᠠᠷ᠂  ᠠᠮᠢᠳᠤ ᠪᠠᠶᠢᠬᠤ  ᠳᠤᠨᠢ ᠰᠠᠶᠢᠳᠤᠷ ᠬᠠᠷᠠᠭᠠᠯᠵᠠᠬᠤ ᠦᠭᠡᠢ ᠦᠬᠦᠭᠰᠠᠨ ᠤ ᠬᠢᠨᠢ ᠲᠠᠷᠠᠭ᠎ᠠ ᠬᠦᠨᠳᠤ ᠪᠠᠷ ᠤᠷᠤᠰᠢᠭᠤᠯᠬᠤ ᠵᠡᠷᠬᠡ  ᠬᠠᠭᠤᠴᠢᠨ

ᠶᠤᠰᠤ ᠪᠦᠳᠤᠬᠦᠯᠢᠭ ᠲᠠᠳᠬᠠᠯ ᠢ ᠬᠤᠷᠢᠬᠯᠠᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠠᠵᠢᠯᠴᠢ

ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂  ᠦᠨᠡᠨᠴᠢ ᠰᠢᠳᠤᠷᠭᠤ ᠪᠠᠷ ᠠᠴᠢᠯᠠᠯ ᠲᠠᠢ ᠪᠠᠶᠢᠬᠤ ᠪᠣᠯᠪᠠᠰᠤᠨ

ᠣᠶᠢᠯᠠᠭᠠᠭᠳᠠᠬᠤᠨ ᠢ ᠰᠠᠨᠠᠭᠠᠴᠢᠯᠠᠨ᠎ᠠ᠃ ᠨᠠᠰᠤᠲᠠᠶᠢᠴᠤᠳ ᠢ ᠠᠮᠢᠳᠤ ᠰᠡᠷᠡᠭᠦᠨ ᠪᠠᠶᠢᠬᠤ ᠳᠤᠨᠢ ᠢᠯᠡᠭᠦᠬᠡᠨ ᠬᠠᠯᠠᠮᠵᠢᠯᠠᠵᠤ᠂ ᠠᠴᠢᠯᠠᠯ ᠤᠨ ᠰᠡᠳᠬᠢᠯ ᠢ ᠭᠦᠢᠴᠡᠳᠬᠡᠵᠦ

᠂ ᠲᠡᠳᠡᠨ ᠢ ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠠᠶᠢᠯᠭᠠᠶ᠎ᠠ ; ᠣᠷᠣᠰᠢᠭᠤᠯᠭ᠎ᠠ ᠶᠢᠨ

ᠲᠠᠬᠢᠯᠭ᠎ᠠ ᠳᠤ᠂ ᠰᠢᠨᠵᠢᠯᠡᠬᠦ ᠤᠬᠠᠭᠠᠨᠴᠢ ᠲᠠᠬᠢᠯᠭ᠎ᠠ ᠶᠢᠨ ᠦᠵᠡᠯᠲᠡ ᠶᠢ ᠪᠤᠢ ᠪᠣᠯᠭᠠᠵᠤ᠂ ᠮᠤᠬᠤᠷ ᠪᠢᠰᠢᠷᠡᠯ ᠢ ᠠᠷᠢᠯᠭᠠᠵᠤ᠂ ᠠᠲᠠᠭᠠᠷᠬᠠᠨ ᠠᠳᠠᠯᠢᠳᠬᠠᠬᠤ

ᠰᠡᠳᠬᠢᠴᠡ ᠶᠢ ᠲᠡᠪᠴᠢᠵᠦ᠂ ᠲᠥᠪ ᠬᠢᠴᠢᠶᠡᠩᠭᠦᠢ᠂ ᠣᠷᠴᠢᠨ ᠲᠣᠭᠤᠷᠢᠨ ᠢ ᠬᠠᠮᠠᠭᠠᠯᠠᠬᠤ᠂ ᠠᠷᠪᠢᠯᠠᠨ ᠭᠠᠮᠨᠠᠬᠤ ᠪᠣᠯᠪᠠᠰᠤᠨ ᠬᠡᠯᠪᠡᠷᠢ ᠪᠠᠷ ᠨᠥᠭᠴᠢᠭᠰᠡᠳ ᠢ

ᠳᠤᠷᠠᠰᠤᠨ ᠰᠠᠨᠠᠭᠠᠯᠵᠠᠵᠤ᠂ ᠲᠠᠬᠢᠯᠭ᠎ᠠ ᠶᠢᠨ ᠠᠵᠢᠯᠯᠠᠭ᠎ᠠ ᠶᠢ ︽ᠰᠠᠶᠢᠨ ᠭᠡᠷ ᠤᠨ ᠰᠤᠷᠲᠠᠯ ᠢ ᠤᠯᠠᠮᠵᠢᠯᠠᠵᠤ᠂ ᠢᠳᠡᠪᠬᠢ ᠬᠦᠴᠦᠨ ᠢ ᠢᠯᠡᠷᠡᠭᠦᠯᠬᠦ︾ ᠦᠢᠯᠡᠳᠦᠯ ᠲᠠᠢ

ᠪᠣᠯᠭᠠᠵᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠤᠯᠭᠠᠶ᠎ᠠ᠃

      ᠭᠤᠷᠪᠠ᠂ ᠤᠷᠬᠢᠯ ᠤᠨ ᠬᠤᠭᠤᠴᠠᠭ᠎ᠠ ᠶᠢ ᠵᠦᠷᠢᠬᠦᠯᠤᠨ᠂ ᠡᠮᠬᠢ  ᠵᠢᠷᠤᠮ ᠲᠠᠢ ᠪᠠᠷ ᠲᠠᠬᠢᠯᠭ᠎ᠠ ᠬᠢᠶ᠎ᠠ᠃ ᠬᠠᠩᠰᠢ ᠶᠢᠨ ᠡᠳᠦᠷ ᠥᠷᠭᠡᠨ ᠣᠯᠠᠨ ᠲᠦᠮᠡᠨ ᠤ

ᠳᠠᠬᠢᠯᠭ᠎ᠠ ᠳᠠᠶᠢᠯᠭ᠎ᠠ᠂ ᠲᠥᠷᠥᠯ ᠰᠠᠳᠤᠨ ᠢᠶᠠᠨ ᠮᠥᠷᠥᠭᠡᠳᠦᠨ ᠰᠠᠨᠠᠭᠠᠯᠵᠠᠬᠤ ᠬᠡᠷᠡᠭᠴᠡᠭᠡ ᠨᠡᠯᠢᠶᠡᠳ ᠲᠥᠪᠯᠡᠷᠡᠵᠦ᠂ ᠨᠡᠶᠢᠲᠡ ᠶᠢᠨ ᠪᠤᠩᠬᠤᠨ᠂ ᠣᠷᠣᠰᠢᠭᠤᠯᠭ᠎ᠠ ᠶᠢᠨ

ᠭᠠᠵᠠᠷ ᠵᠡᠷᠭᠡ ᠦᠢᠯᠡᠴᠢᠯᠡᠭᠡᠨ ᠤ ᠭᠠᠵᠠᠷ ᠲᠤ ᠣᠴᠢᠬᠤ ᠳᠠᠭᠠᠨ ᠤᠷᠬᠢᠯ ᠤᠨ ᠬᠤᠭᠤᠴᠠᠭ᠎ᠠ ᠶᠢ ᠵᠦᠷᠢᠬᠦᠯᠤᠨ ᠭᠠᠳᠠᠭᠰᠢ ᠭᠠᠷᠬᠤ ᠶᠢ ᠰᠠᠨᠠᠭᠠᠴᠢᠯᠠᠵᠤ᠂ ᠳᠠᠬᠢᠯᠭ᠎ᠠ

 ᠶᠢᠨ ᠭᠠᠵᠠᠷ ᠤᠨ ᠣᠯᠠᠨ ᠨᠡᠶᠢᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠰᠠᠬᠢᠵᠤ᠂ ᠳᠠᠬᠢᠯᠭ᠎ᠠ ᠶᠢᠨ ᠲᠣᠭᠲᠠᠭᠠᠯ ᠢ ᠵᠢᠷᠤᠮᠯᠠᠨ᠂ ᠠᠵᠢᠯᠲᠠᠨ ᠤ

ᠲᠣᠬᠢᠷᠠᠭᠤᠯᠤᠯᠲᠠ ᠶᠢ ᠳᠠᠭᠠᠵᠤ᠂ ᠬᠠᠷᠢᠯᠴᠠᠨ ᠨᠠᠶᠢᠷ ᠲᠠᠯᠪᠢᠵᠤ᠂ ᠳᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ᠂ ᠢᠯᠭᠤᠮ ᠤᠷᠤᠭᠰᠢᠲᠠᠢ᠂ ᠡᠮᠬᠢ ᠵᠢᠷᠤᠮ

 ᠲᠠᠢ ᠶᠠᠪᠤᠭᠳᠠᠬᠤ ᠶᠢ ᠬᠠᠮᠲᠤ ᠪᠠᠷ  ᠬᠠᠮᠠᠭᠠᠯᠠᠶ᠎ᠠ᠃

      ᠳᠥᠷᠪᠡ᠂ ᠣᠷᠴᠢᠨ ᠲᠣᠭᠤᠷᠢᠨ ᠢ ᠬᠠᠮᠠᠭᠠᠯᠠᠵᠤ᠂ ᠠᠮᠤᠷ ᠲᠦᠪᠰᠢᠨ᠂ ᠲᠤᠬᠳᠠᠭᠤᠨ᠂ ᠡᠮᠬᠢ ᠵᠢᠷᠤᠮ ᠲᠠᠢ ᠲᠠᠬᠢᠯᠭ᠎ᠠ ᠬᠢᠶ᠎ᠠ᠃ ᠬᠠᠩᠰᠢ ᠪᠣᠯ ᠤᠢ

ᠰᠢᠭᠤᠢ ᠶᠢᠨ ᠭᠠᠯ ᠰᠡᠷᠭᠡᠶᠢᠯᠡᠬᠦ ᠬᠠᠮᠤᠭ ᠤᠨ ᠴᠢᠬᠤᠯᠠ ᠬᠠᠮᠤᠭ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠬᠤᠯᠪᠣᠭᠳᠠᠯ ᠪᠦᠬᠦᠢ ᠭᠠᠯ ᠰᠡᠷᠭᠡᠶᠢᠯᠡᠬᠦ

ᠲᠣᠭᠲᠠᠭᠠᠯ ᠢ ᠴᠢᠩᠭ᠎ᠠ ᠵᠢᠷᠤᠮᠯᠠᠵᠤ᠂ ᠲᠣᠭᠲᠠᠭᠠᠯ ᠢ ᠵᠥᠷᠢᠴᠡᠨ ᠭᠠᠯ ᠬᠡᠷᠡᠭᠯᠡᠬᠦ ᠦᠭᠡᠢ ᠪᠠᠶᠢᠵᠤ᠂ ᠪᠦᠬᠦ ᠬᠤᠳᠠ ᠶᠢᠨ ᠬᠡᠪᠴᠢᠶᠡᠨ ᠳᠤ  ᠴᠠᠭᠠᠰᠤᠨ ᠵᠤᠭᠤᠰ

ᠰᠢᠲᠠᠭᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ  ᠪᠠᠭᠠᠰᠬᠠᠶ᠎ᠠ᠃

      ᠲᠠᠪᠤ᠂ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠬᠦᠯᠵᠤ᠂  ᠲᠡᠷᠬᠡᠳᠡᠬᠢ ᠤᠯᠠᠨ ᠲᠦᠮᠡᠨ ᠢᠶᠠᠨ ᠨᠦᠯᠤᠬᠡᠯᠠᠨ ᠲᠠᠶᠢᠴᠢᠯᠠᠶ᠎ᠠ᠃ ᠥᠷᠭᠡᠨ ᠤᠯᠠᠨ ᠨᠠᠮ ᠤᠨ

ᠭᠡᠰᠢᠭᠦᠨ  ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂

ᠲᠦᠷᠦᠭᠦᠯᠡᠨ ᠳᠣᠣᠷ᠎ᠠ ᠨᠡᠭᠦᠷᠡᠰᠦᠲᠥ᠋ᠷᠥᠭᠴᠢᠲᠦ ᠳᠠᠬᠢᠯᠭ᠎ᠠ ᠶᠢ ᠭᠦᠢᠴᠡᠳᠬᠡᠵᠦ᠂ ᠪᠣᠯᠪᠠᠰᠤᠨ ᠢᠶᠠᠷ ᠠᠷᠪᠢᠯᠠᠨ ᠭᠠᠮᠨᠠᠵᠤ ᠣᠷᠣᠰᠢᠭᠤᠯᠭ᠎ᠠ ᠶᠢᠨ ᠶᠠᠪᠤᠳᠠᠯ ᠢ

ᠭᠦᠢᠴᠡᠳᠬᠡᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠷᠦᠭᠦᠯᠡᠨ ᠠᠬᠢᠭᠤᠯᠵᠤ᠂ ᠪᠣᠯᠪᠠᠰᠤᠨ ᠪᠤᠰᠤ᠂ ᠵᠢᠷᠤᠮᠵᠢᠯ ᠦᠭᠡᠢ ᠳᠠᠬᠢᠯᠭ᠎ᠠ ᠶᠢᠨ ᠠᠵᠢᠯᠯᠠᠭ᠎ᠠ ᠳᠤ

ᠬᠢᠨᠠᠯᠲᠠ ᠲᠠᠯᠪᠢᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠳᠠᠬᠢᠯᠭ᠎ᠠ ᠬᠢᠬᠦ᠂ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ

ᠪᠠᠳᠠᠷᠠᠭᠤᠯᠤᠶ᠎ᠠ᠃

       ᠪᠦᠬᠦ ᠬᠤᠰᠢᠭᠤᠨ ᠤ ᠦᠷᠬᠡᠨ ᠤᠯᠠᠨ ᠨᠠᠶᠢᠵᠠ ᠨᠥᠬᠦᠳ ᠠ᠋᠂ ᠪᠢᠳᠡ ᠬᠠᠮᠲᠤ ᠪᠠᠷ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂

ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠪᠣᠯᠪᠠᠰᠤᠨ ᠳᠠᠬᠢᠯᠭ᠎ᠠ ᠶᠢᠨ ᠪᠣᠳᠠᠲᠤ ᠠᠵᠢᠯᠯᠠᠭ᠎ᠠ ᠪᠠᠷ ᠢᠶᠠᠨ ᠵᠠᠩ ᠳᠠᠳᠬᠠᠯ ᠢ ᠥᠭᠡᠷᠡᠴᠢᠯᠡᠬᠦ ᠪᠣᠯᠪᠠᠰᠤᠨ ᠳᠠᠬᠢᠯᠭ᠎ᠠ

 ᠶᠢᠨ ᠳᠠᠭᠠᠭᠤᠯᠤᠭᠴᠢ ᠪᠠ ᠤᠬᠠᠭᠤᠯᠤᠭᠴᠢ ᠪᠣᠯᠣᠶ᠎ᠠ᠃

                    

                      ᠤᠷᠠᠳ ᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ

 

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ