︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2024/4/20

       ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 15᠎ ᠤ ᠴᠠᠭᠢᠯᠭᠠᠠ ᠮᠡᠳᠡᠭᠡ 4 ᠰᠠᠷ᠎ᠠ ᠶᠢᠨ 16᠎ ᠤ ᠡᠳᠦᠷ ᠬᠡᠪᠯᠡᠭᠳᠡᠬᠦ 8 ᠳ᠋ᠤᠭᠠᠷ

ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ

ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ ᠢ ᠪᠠᠳᠠᠷᠠᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 8

ᠰᠠᠷ᠎ᠠ ᠠᠴᠠ 2023 ᠣᠨ ᠤ 9 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃

       ᠵᠣᠬᠢᠶᠠᠯ ᠳᠤ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ᠂ ᠶᠡᠷᠦ ᠠᠴᠠ ᠲᠠᠰᠤᠯᠳᠠᠭᠰᠠᠨ ᠦᠭᠡᠢ ᠪᠠᠶᠢᠵᠤ᠂ ᠮᠠᠨ ᠤ ᠠᠭᠤᠤ ᠶᠡᠭᠡ

ᠦᠨᠳᠦᠰᠦᠲᠡᠨ ᠢ ᠴᠣᠭᠴᠠᠯᠠᠭᠰᠠᠨ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠳᠤᠮᠳᠠᠳᠤ ᠶᠢᠨ ᠦᠨᠳᠦᠰᠦᠲᠡᠨ ᠤ ᠭᠧᠨ ᠪᠠ ᠤᠳᠤᠮᠰᠢᠯ ᠢ

ᠠᠴᠢᠶᠠᠯᠠᠵᠤ᠂ ᠲᠠᠭᠢᠨ ᠡᠭᠦᠰᠴᠦ ᠪᠣᠯᠣᠰᠢ ᠦᠭᠡᠢ᠂ ᠣᠷᠣᠯᠠᠭᠤᠯᠵᠤ ᠪᠣᠯᠣᠰᠢ ᠦᠭᠡᠢ ᠳᠤᠮᠳᠠᠳᠤ ᠶᠢᠨ ᠰᠢᠯᠢᠳᠡᠭ ᠪᠣᠯᠪᠠᠰᠤᠨ ᠤ ᠡᠬᠢ ᠪᠠᠶᠠᠯᠢᠭ ᠮᠥᠨ᠃ ᠮᠠᠨ ᠤ ᠡᠨᠡ

ᠦᠶ᠎ᠡ ᠶᠢᠨ ᠬᠥᠮᠥᠨ ᠳᠤ ᠬᠠᠷᠢᠶᠠᠯᠠᠭᠳᠠᠬᠤ ᠪᠠᠷ ᠪᠠᠷᠠᠬᠤ ᠦᠭᠡᠢ᠂ ᠪᠠᠰᠠ ᠦᠷ᠎ᠡ ᠬᠤᠶᠢᠴᠢᠰ ᠲᠤ ᠬᠠᠷᠢᠶᠠᠯᠠᠭᠳᠠᠨ᠎ᠠ᠃ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂

ᠬᠠᠮᠢᠶᠠᠷᠤᠯᠲᠠ ᠪᠠᠨ ᠴᠢᠩᠭᠠᠳᠬᠠᠬᠤ᠂ ᠦᠷᠳᠡᠭ ᠢᠶᠠᠨ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ ᠠᠵᠢᠯ ᠤᠨ

ᠲᠤᠬᠠᠢ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ

ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

       ᠵᠣᠬᠢᠶᠠᠯ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠶᠠᠷᠢᠭᠤᠯᠵᠤ᠂ ᠲᠡᠦᠬᠡ ᠪᠠᠷ ᠶᠠᠷᠢᠭᠤᠯᠵᠤ᠂ ᠰᠣᠶᠣᠯ ᠢᠶᠠᠷ ᠶᠠᠷᠢᠭᠤᠯᠬᠤ ᠬᠡᠷᠡᠭᠲᠡᠢ᠃ ᠤᠯᠠᠮᠵᠢᠯᠠᠯᠲᠤ

ᠰᠣᠶᠣᠯ ᠤᠨ ᠡᠬᠢ ᠪᠠᠶᠠᠯᠢᠭ ᠢ ᠰᠢᠰᠲ᠋ᠧᠮ ᠲᠠᠢ ᠡᠮᠬᠢᠯᠡᠵᠦ᠂ ᠬᠠᠭᠠᠨ ᠸᠠᠩ ᠤᠨ ᠣᠷᠳᠣᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ᠂ ᠥᠷᠭᠡᠨ

ᠠᠭᠤᠳᠠᠮ ᠡᠬᠡ ᠭᠠᠵᠠᠷ ᠲᠤ ᠳᠡᠯᠭᠡᠭᠳᠡᠵᠦ ᠪᠠᠶᠢᠭ᠎ᠠ ᠥᠪ ᠬᠥᠷᠥᠩᠭᠡ᠂ ᠡᠷᠲᠡᠨ ᠤ ᠨᠣᠮ ᠪᠢᠴᠢᠭ ᠲᠤ ᠪᠢᠴᠢᠭᠳᠡᠭᠰᠡᠨ ᠥᠰᠥᠭ ᠪᠢᠴᠢᠭ ᠢ ᠴᠥᠮ ᠠᠮᠢᠯᠠᠭᠤᠯᠬᠤ

ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠶᠢᠨ

ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠪᠠ ᠳᠡᠯᠭᠡᠨ ᠦᠵᠡᠭᠦᠯᠵᠦ ᠤᠯᠠᠮᠵᠢᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠤᠲᠤᠭ ᠤᠨ ᠰᠢᠯᠢᠳᠡᠭ

ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠤᠨ᠂ ᠵᠠᠯᠭᠠᠮᠵᠢᠯᠠᠵᠤ᠂ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠳᠤ ᠮᠠᠨ ᠤ ᠤᠯᠤᠰ ᠤᠨ ᠥᠨᠢ ᠤᠳᠠᠭᠠᠨ

ᠲᠡᠦᠬᠡ ᠲᠠᠢ ᠲᠠᠷᠢᠶᠠᠯᠠᠭ᠎ᠠ ᠶᠢᠨ ᠪᠣᠯᠪᠠᠰᠤᠨ ᠤ ᠷᠢᠳᠢ ᠰᠢᠳᠢ ᠪᠣᠯᠣᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠤᠯᠤᠰ ᠤᠨ ᠤᠭᠢ ᠰᠢᠯᠢᠳᠡᠭ ᠵᠦᠢᠯ ᠢ

ᠤᠯᠠᠮᠵᠢᠯᠠᠨ ᠵᠠᠯᠭᠠᠮᠵᠢᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠶᠢ ᠳᠡᠮᠵᠢᠬᠦ ᠪᠠ ᠲᠡᠳᠬᠦᠬᠦ ᠪᠠᠨ ᠴᠢᠩᠭᠠᠳᠬᠠᠵᠤ᠂ ᠴᠥᠭᠡᠨ ᠲᠣᠭᠠᠲᠤ

ᠦᠨᠳᠦᠰᠦᠲᠡᠨ ᠤ ᠲᠡᠦᠬᠡ ᠰᠣᠶᠣᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠬᠡᠷᠡᠭᠲᠡᠢ᠃ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ

ᠵᠦᠢᠯ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ

ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠢ ᠬᠥᠮᠥᠵᠢᠭᠦᠯᠦᠨ ᠵᠢᠯᠤᠭᠤᠳᠴᠤ

ᠪᠠᠶᠢᠭᠠᠳ ᠳᠤᠮᠳᠠᠳᠤ ᠶᠢᠨ ᠪᠣᠯᠪᠠᠰᠤᠨ ᠢ ᠨᠡᠩ ᠰᠠᠶᠢᠨ ᠲᠠᠨᠢᠨ ᠮᠡᠳᠡᠷᠡᠭᠦᠯᠵᠦ᠂ ᠳᠤᠮᠳᠠᠳᠤ ᠤᠯᠤᠰ ᠤᠨ ᠬᠥᠮᠥᠨ ᠪᠤᠯᠬᠤ ᠵᠣᠷᠢᠭ᠂ ᠰᠥᠰᠥ᠂ ᠢᠲᠡᠭᠡᠯ ᠢ ᠨᠡᠮᠡᠭᠳᠡᠭᠦᠯᠬᠦ

ᠬᠡᠷᠡᠭᠲᠡᠢ ᠭᠡᠵᠦ ᠵᠢᠭᠠᠵᠤ ᠭᠠᠷᠭᠠᠪᠠ᠃

       ᠵᠣᠬᠢᠶᠠᠯ ᠳᠤ᠂ ᠳᠡᠯᠡᠬᠡᠢ ᠶᠢᠷᠲᠢᠨᠴᠦ ᠪᠠᠶᠠᠯᠢᠭ ᠰᠠᠶᠢᠬᠠᠨ ᠪᠣᠯᠪᠠᠰᠤᠨ ᠢᠶᠠᠷ ᠪᠦᠷᠢᠯᠳᠦᠵᠦ᠂ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠡᠷᠲᠡᠨ ᠤ

ᠲᠡᠦᠬᠡ ᠪᠠ ᠰᠣᠶᠣᠯ ᠲᠠᠢ ᠤᠯᠤᠰ ᠤᠨ ᠨᠢᠭᠡ ᠪᠣᠯᠣᠨ᠎ᠠ᠃ ᠳᠤᠮᠳᠠᠳᠤ ᠶᠢᠨ ᠪᠣᠯᠪᠠᠰᠤᠨ ᠶᠡᠷᠦ ᠠᠴᠠ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠣᠶᠢᠯᠠᠭᠠᠯᠴᠠᠭ᠎ᠠ

ᠪᠠ ᠬᠦᠨᠳᠦᠳᠬᠡᠯ ᠢ ᠮᠠᠭᠲᠠᠨ ᠰᠠᠶᠢᠰᠢᠶᠠᠳᠠᠭ᠃ ᠪᠦᠭᠦ ᠪᠥᠮᠪᠥᠷᠴᠡᠭ ᠤᠨ ᠡᠯ᠎ᠡ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ᠂

ᠰᠣᠶᠣᠯ ᠤᠨ ᠴᠡᠴᠡᠭᠯᠡᠯ ᠬᠥᠭᠵᠢᠯ᠂ ᠰᠣᠶᠣᠯ ᠤᠨ ᠥᠪ ᠤᠨ ᠬᠠᠮᠠᠭᠠᠯᠠᠯᠲᠠ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠬᠠᠮᠲᠤ ᠪᠠᠷ ᠠᠬᠢᠭᠤᠯᠵᠤ᠂ ᠪᠦᠭᠦ

ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ

ᠪᠠᠶᠢᠭᠤᠯᠤᠯᠲᠠ ᠶᠢ ᠠᠬᠢᠭᠤᠯᠬᠤ ᠳᠤ ᠭᠦᠨ ᠵᠤᠵᠠᠭᠠᠨ ᠥᠨᠢ ᠤᠳᠠᠭᠠᠨ ᠰᠣᠶᠣᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ