ᠰᠠᠬᠢᠯᠭ᠎ᠠ ᠪᠠᠲᠤ ᠶᠢ ᠰᠤᠷᠴᠤ ᠮᠡᠳᠡᠵᠦ ᠣᠶᠢᠯᠠᠭᠠᠨ ᠰᠠᠬᠢᠶ᠎ᠠ
ᠨᠡᠶᠢᠲᠡᠯᠡᠭᠰᠡᠨ ᠴᠠᠭ᠄
2024/4/23

      ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ

ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠳ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ

ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠎ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ

ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ 2024 ᠣᠨ ᠤ 4 ᠳ᠋ᠦ᠋ᠭᠡᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ᠂ ᠪᠥᠬᠦ ᠨᠠᠮ ᠤᠨ ᠬᠡᠪᠴᠢᠶᠡᠨ ᠳᠤ ᠨᠠᠮ ᠤᠨ

ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ᠭᠡᠵᠦ ᠵᠢᠭᠠᠨ ᠭᠠᠷᠭᠠᠪᠠ᠃ ᠲᠤᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ

ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃

      ︽ᠰᠠᠬᠢᠯᠭ᠎ᠠ ᠪᠠᠲᠤᠴᠢ ᠴᠢᠨᠠᠷ ᠢ ᠴᠢᠩᠭᠠᠳᠬᠠᠪᠠᠯ ᠬᠤᠪᠢᠰᠬᠠᠯ ᠢᠯᠠᠭᠳᠠᠬᠤ ᠭᠡᠵᠦ ᠪᠠᠶᠢᠬᠤ ᠦᠭᠡᠢ ᠶᠤᠮ᠃︾ ᠰᠠᠬᠢᠯᠭ᠎ᠠ ᠪᠠᠲᠤ ᠴᠢᠩᠭ᠎ᠠ ᠪᠠᠶᠢᠬᠤ ᠪᠣᠯ

ᠨᠠᠮ ᠤᠨ ᠢᠷᠠᠭᠤ ᠠᠯᠳᠠᠷᠲᠤ ᠤᠯᠠᠮᠵᠢᠯᠠᠯ ᠮᠥᠷᠲᠡᠭᠡᠨ ᠥᠪᠡᠷᠮᠢᠴᠡ ᠳᠠᠪᠠᠭᠤᠯᠢᠭ ᠮᠥᠨ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ

ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠡᠷᠬᠢᠮ ᠳᠡᠭᠡᠳᠦ ᠡᠭᠦᠷᠭᠡ ᠶᠢ ᠡᠭᠦᠷᠭᠡᠯᠡᠵᠦ ᠪᠠᠶᠢᠬᠤ ᠪᠥᠭᠡᠳ

ᠤᠷᠤᠭᠰᠢᠯᠠᠯᠲᠠ ᠶᠢᠨ ᠵᠠᠮ ᠳᠤ ᠬᠦᠨᠳᠦ ᠶᠡᠭᠡ ᠥᠷᠢᠰᠦᠯᠳᠦᠭᠡᠨ ᠨᠦᠭᠦᠳ ᠲᠤᠯᠭᠠᠷᠠᠭᠰᠠᠭᠠᠷ ᠪᠤᠢ᠃ ᠨᠠᠮ ᠳᠤ ᠲᠤᠯᠭᠠᠷᠠᠵᠤ ᠪᠠᠶᠢᠭ᠎ᠠ ᠪᠠᠶᠢᠳᠠᠯ ᠨᠡᠩ ᠪᠤᠳᠤᠯᠢᠶᠠᠨᠲᠠᠢ

ᠪᠣᠯᠬᠤ ᠲᠤᠳᠤᠮ ᠡᠭᠦᠷᠭᠡᠯᠡᠵᠦ ᠪᠠᠶᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠣᠨ᠎ᠠ᠂ ᠡᠭᠦᠷᠭᠡᠯᠡᠵᠦ ᠪᠠᠶᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠬᠤ ᠲᠤᠲᠤᠮ

ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠴᠢᠩᠭᠠᠳᠬᠠᠨ᠂ ᠨᠠᠮ ᠤᠨ ᠪᠦᠯᠬᠦᠮᠳᠡᠯ ᠢ ᠨᠡᠩ ᠬᠠᠮᠠᠭᠠᠯᠠᠵᠤ᠂ ᠪᠦᠬᠦ ᠨᠠᠮ ᠢᠶᠠᠷ ᠢᠶᠠᠨ ᠠᠯᠬᠤᠮ ᠨᠢᠭᠡᠲᠡᠢ

ᠤᠷᠤᠭᠰᠢᠯᠠᠬᠤ ᠶᠢ ᠯᠠᠪᠲᠠᠶᠢᠶ᠎ᠠ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠨᠠᠮ ᠤᠨ

ᠰᠠᠬᠢᠯᠭ᠎ᠠ ᠪᠠᠲᠤ ᠶᠢ ᠣᠮᠲᠣᠭᠠᠶᠢᠯᠠᠭᠰᠠᠨ᠂ ᠵᠥᠷᠢᠴᠡᠭᠰᠡᠨ ᠠᠰᠠᠭᠤᠳᠠᠯ ᠤᠨ ᠬᠤᠣᠷ ᠨᠥᠯᠥᠭᠡᠲᠦ ᠴᠢᠨᠠᠷ ᠤᠨ ᠲᠤᠬᠠᠢ ᠲᠠᠨᠢᠯᠲᠠ ᠪᠠᠨ ᠴᠢᠨᠠᠭᠰᠢᠳᠠ ᠤᠯᠠᠮ

ᠭᠦᠨᠵᠡᠭᠡᠶᠢᠷᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠤᠳᠤᠷᠢᠳᠬᠤ ᠪᠠᠭ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ

ᠴᠢᠩᠭ᠎ᠠ ᠠᠳᠬᠤᠬᠤ ᠶᠢ ᠠᠬᠢᠭᠤᠯᠤᠨ᠂ ᠥᠷᠭᠡᠨ ᠤᠯᠠᠨ ᠨᠠᠮ ᠤᠨ ᠭᠡᠰᠢᠭᠦᠳ᠂ ᠺᠠᠳ᠋ᠷᠴᠤᠳ ᠤᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠩᠭᠠᠳᠬᠠᠬᠤ ᠶᠢ

᠎ ᠨᠢ ᠠᠬᠢᠭᠤᠯᠵᠤ᠂ ᠲᠥᠪ ᠴᠢᠩᠭ᠎ᠠ ᠰᠠᠬᠢᠯᠭ᠎ᠠ ᠪᠠᠲᠤ ᠪᠠᠷ ᠪᠦᠬᠦ ᠨᠠᠮ ᠤᠨ ᠡᠷᠡᠰ ᠲᠠᠰᠤᠷᠬᠠᠢ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ

ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ᠂ ᠦᠵᠡᠯ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ

ᠨᠢᠭᠡᠳᠬᠡᠵᠦ᠂ ᠬᠢᠬᠦ ᠵᠣᠭᠰᠣᠬᠤ ᠪᠠᠨ ᠮᠡᠳᠡᠨ᠂ ᠵᠠᠷᠯᠢᠭ ᠴᠠᠭᠠᠵᠠ ᠶᠢ ᠳᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ

ᠶᠡᠭᠡ ᠬᠥᠳᠡᠯᠭᠡᠭᠴᠢ ᠬᠦᠴᠦᠨ ᠪᠠ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃

      ᠶᠡᠷᠦᠩᠬᠡᠢ ᠱᠦᠵᠢ ᠰᠢ ᠶᠢᠨ ᠫᠢᠩ᠄ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂

ᠨᠠᠮ ᠤᠨ ᠭᠡᠰᠢᠭᠦᠳ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠴᠤ᠂ ᠮᠡᠳᠡᠵᠦ᠂ ᠣᠶᠢᠯᠠᠭᠠᠵᠤ᠂ ᠰᠠᠬᠢᠬᠤ ᠶᠢ ᠨᠢ ᠳᠠᠭᠠᠭᠤᠯᠤᠨ ᠵᠢᠯᠤᠭᠤᠳᠴᠤ᠂ ᠤᠳᠤᠷᠢᠳᠬᠤ

ᠺᠠᠳ᠋ᠷᠴᠤᠳ ᠤᠨ ᠵᠥᠪ ᠡᠷᠬᠡ ᠶᠢᠨ ᠦᠵᠡᠯᠲᠡ ᠶᠢ ᠪᠣᠶ ᠪᠣᠯᠭᠠᠬᠤ᠂ ᠡᠷᠬᠡ ᠪᠠᠨ ᠲᠥᠪ ᠭᠤᠥᠯᠴᠢ ᠪᠠᠷ ᠬᠡᠷᠡᠭᠯᠡᠬᠦ᠂ ᠡᠷᠬᠡ ᠪᠠᠨ ᠬᠠᠤᠯᠢ ᠶᠣᠰᠣᠭᠠᠷ ᠬᠡᠷᠡᠭᠯᠡᠬᠦ᠂ ᠠᠷᠠᠳ ᠤᠨ

ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠰᠢᠮᠳᠠᠭᠤᠯᠬᠤ ᠬᠡᠷᠡᠭᠲᠡᠢ︾ ᠭᠡᠵᠦ ᠴᠢᠬᠤᠯᠠᠴᠢᠯᠠᠵᠠᠢ᠃ ᠨᠠᠮ ᠤᠨ ᠰᠠᠬᠢᠯᠭ᠎ᠠ

ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠵᠠᠷᠢᠮ ᠨᠠᠮ ᠤᠨ ᠭᠡᠰᠢᠭᠦᠨ᠂ ᠺᠠᠳ᠋ᠷ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ

ᠪᠠᠲᠤ ᠳᠤ ᠰᠠᠨᠠᠭ᠎ᠠ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠤᠳ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂

ᠨᠠᠮ ᠤᠨ ᠭᠡᠰᠢᠭᠦᠳ ᠢᠯᠠᠩᠭᠤᠶ᠎ᠠ ᠨᠠᠮ ᠤᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ︽ᠳᠦᠷᠢᠮ︾᠎ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠰᠠᠬᠢᠯᠭ᠎ᠠ

ᠪᠠᠲᠤ ᠶᠢ ᠰᠤᠷᠴᠤ᠂ ᠮᠡᠳᠡᠵᠦ᠂ ᠣᠶᠢᠯᠠᠭᠠᠵᠤ᠂ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠣᠯᠬᠤ ᠶᠢ ᠲᠣᠳᠣᠷᠬᠠᠢ

ᠣᠶᠢᠯᠠᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠡᠰᠡ ᠪᠣᠯᠬᠤ ᠶᠢ ᠮᠡᠳᠡᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ

ᠰᠡᠳᠬᠢᠯ ᠳᠤ ᠪᠠᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠢᠶᠠᠨ ᠪᠠᠷᠢᠮᠵᠢᠶ᠎ᠠ ᠪᠣᠯᠭᠠᠨ᠂ ᠰᠠᠬᠢᠯᠭ᠎ᠠ ᠪᠠᠲᠤ ᠶᠢᠨ ᠤᠬᠠᠮᠰᠠᠷ᠂ ᠥᠪᠡᠷ ᠪᠡᠶ᠎ᠡ ᠶᠢᠨ

ᠬᠢᠵᠠᠭᠠᠷᠯᠠᠯ᠂ ᠳᠠᠷᠬᠠᠯᠠᠭ᠎ᠠ ᠪᠠᠨ ᠴᠢᠨᠠᠭᠰᠢᠳᠠ ᠤᠯᠠᠮ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂

ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ

ᠴᠢᠬᠡᠴᠢ ᠬᠠᠷᠢᠭᠤᠴᠠᠯᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃

      ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦ ᠶᠢ ᠨᠢ ᠵᠠᠰᠠᠬᠤ ᠪᠣᠳᠣᠯᠭ᠎ᠠ ᠮᠥᠨ

᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠨ᠂ ᠨᠠᠮ ᠤᠨ

ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢᠨ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠭᠡᠰᠢᠭᠦᠳ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ

ᠨᠢᠭᠡᠪᠦᠷᠢ ᠶᠢ ᠴᠥᠮ ᠭᠤᠣᠯ ᠠᠵᠢᠯ ᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠬᠤ

ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠬᠢᠶᠠᠯ ᠪᠣᠯᠭᠠᠨ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ

ᠲᠣᠪᠣᠶᠢᠮ᠎ᠠ ᠪᠠᠶᠢᠷᠢᠨ ᠳᠤ ᠲᠠᠯᠪᠢᠵᠤ᠂ ᠰᠠᠬᠢᠯᠭ᠎ᠠ ᠪᠠᠲᠤ ᠭᠡᠬᠦ ᠡᠨᠡ ᠬᠦ ᠨᠠᠮ ᠢ ᠬᠠᠮᠢᠶᠠᠷᠴᠤ ᠨᠠᠮ ᠢ ᠵᠠᠰᠠᠬᠤ ︽ᠱᠤᠭᠤᠮ︾᠎ ᠢ ᠰᠠᠶᠢᠲᠤᠷ ᠬᠡᠷᠡᠭᠯᠡᠵᠦ᠂ ᠪᠦᠬᠦ

ᠨᠠᠮ ᠢᠶᠠᠷ ᠢᠶᠠᠨ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠪᠠᠯ᠂ ᠨᠠᠮ ᠢ

ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ ᠴᠢᠳᠠᠬᠤ ᠨᠢ ᠯᠠᠪᠲᠠᠢ ᠶᠤᠮ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ