ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯᠯᠠᠭ᠎ᠠ ᠶᠢ ᠬᠡᠷᠬᠢᠨ ᠬᠡᠷᠡᠭᠵᠢᠭᠦᠯᠬᠦ ᠪᠣᠶ ︵ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︶
ᠨᠡᠶᠢᠲᠡᠯᠡᠭᠰᠡᠨ ᠴᠠᠭ᠄
2024/4/23

      ᠲᠠᠷᠢᠶᠠᠴᠢᠳ ᠤᠨ ᠣᠷᠣᠯᠭ᠎ᠠ ᠶᠢ ᠬᠡᠷᠬᠢᠨ ᠦᠷᠭᠦᠯᠵᠢᠯᠡᠨ ᠨᠡᠮᠡᠭᠳᠡᠭᠦᠯᠬᠦ ᠪᠤᠢ︖ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ

ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠪᠠᠷᠢᠯ ᠢ ᠴᠢᠩᠭᠠᠳᠬᠠᠬᠤ ᠶᠠᠪᠤᠳᠠᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠠᠷᠢᠶᠠᠴᠢᠳ ᠤᠨ ᠣᠷᠣᠯᠭ᠎ᠠ ᠶᠢ

ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠤᠷᠠᠳᠪᠠ᠃

      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ

ᠪᠠᠶᠢᠴᠠᠭᠠᠭᠴᠢ ᠵᠣᠣ ᠴᠠᠩ ᠪᠦᠦ ᠲᠠᠨᠢᠯᠴᠠᠭᠤᠯᠬᠤ ᠳᠤ ᠪᠠᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ

ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ

ᠵᠠᠮ ᠢ ᠭᠤᠣᠯᠳᠠᠭᠤ 4 ᠲᠠᠯ᠎ᠠ ᠪᠠᠷ ᠥᠷᠭᠡᠳᠬᠡᠨ᠎ᠡ ᠭᠡᠵᠡᠢ᠃

      ᠬᠥᠳᠡᠭᠡ ᠲᠣᠰᠬᠤᠨ ᠤ ᠠᠵᠤ ᠦᠢᠯᠡᠰ ᠤᠨ ᠬᠠᠷᠢᠴᠠᠭᠤᠯᠤᠭᠰᠠᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠳᠡᠮᠵᠢᠯᠭᠡ ᠬᠠᠮᠠᠭᠠᠯᠠᠯᠲᠠ ᠶᠢᠨ

ᠳᠦᠷᠢᠮ ᠢ ᠠᠬᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠂

ᠲᠠᠷᠢᠶᠠᠴᠢᠳ ᠤᠨ ᠠᠮᠤ ᠪᠤᠳᠠᠭ᠎ᠠ ᠲᠠᠷᠢᠪᠠᠯ ᠵᠣᠭᠤᠰ ᠣᠯᠵᠤ᠂ ᠢᠯᠡᠭᠦᠦ ᠠᠰᠢᠭ ᠣᠯᠬᠤ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ ᠨᠢᠭᠡᠳᠦᠭᠡᠷ

ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠲᠠᠶᠢᠴᠢᠯᠠᠨ

ᠲᠠᠷᠢᠶᠠᠴᠢᠳ ᠲᠤ ᠠᠰᠢᠭ ᠬᠦᠷᠲᠡᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠬᠥᠳᠡᠭᠡ ᠲᠣᠰᠬᠤᠨ

᠂ ᠲᠠᠷᠢᠶᠠᠴᠢᠳ ᠲᠤ ᠨᠡᠩ ᠢᠯᠡᠭᠦᠦ ᠦᠯᠡᠳᠡᠭᠡᠨ᠎ᠡ᠃

      ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ

ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠲᠤ ᠨᠡᠩ ᠤᠯᠠᠨ ᠳᠡᠷᠭᠡᠳᠡᠬᠢ ᠠᠵᠢᠯ ᠤᠨ

ᠵᠠᠪᠰᠢᠶᠠᠨ ᠬᠠᠩᠭᠠᠨ᠎ᠠ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠬᠥᠮᠥᠵᠢᠭᠦᠯᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ

ᠦᠢᠯᠡᠰ ᠪᠣᠰᠬᠠᠬᠤ ᠶᠢ ᠳᠡᠮᠵᠢᠵᠦ᠂ ᠲᠠᠷᠢᠶᠠᠴᠢᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃

      ᠤᠳᠤ ᠦᠶ᠎ᠡ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠡᠷᠬᠡ ᠶᠢ ᠨᠤᠲᠠᠯᠠᠨ ᠲᠣᠭᠲᠠᠭᠠᠬᠤ ᠠᠵᠢᠯ ᠢ

ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠬᠡ ᠣᠯᠭᠤᠬᠤ ᠶᠢ ᠯᠠᠪᠳᠠᠭᠤᠨ ᠢᠶᠠᠷ ᠠᠬᠢᠭᠤᠯᠵᠤ᠂ ᠡᠷᠬᠡ ᠶᠢ ᠠᠮᠢᠳᠤᠯᠢᠭᠵᠢᠭᠤᠯᠬᠤ ᠶᠢ ᠡᠮᠬᠢ ᠵᠢᠷᠤᠮ ᠲᠠᠢ ᠪᠠᠷ

ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ

ᠰᠢᠯᠵᠢᠭᠦᠯᠦᠨ ᠠᠷᠠᠯᠵᠢᠶᠠᠯᠠᠬᠤ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ

      ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠳᠠᠬᠢᠨ

ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠠᠵᠢᠯᠯᠠᠭᠤᠯᠵᠤ᠂ ᠬᠢᠨᠠᠨ ᠰᠢᠨᠵᠢᠯᠲᠡ ᠶᠢ ᠴᠠᠭ

ᠲᠤᠬᠠᠢ ᠳᠤ ᠨᠢ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠶᠢ ᠨᠠᠷᠢᠯᠢᠭ ᠣᠨᠣᠴᠠᠲᠠᠢ ᠪᠣᠳᠠᠲᠠᠶᠢᠵᠢᠭᠤᠯᠤᠨ᠎ᠠ᠃ ᠬᠠᠪᠰᠤᠷᠤᠨ ᠲᠡᠳᠬᠦᠬᠦ ᠠᠵᠤ ᠦᠢᠯᠡᠰ ᠤᠨ

ᠬᠥᠭᠵᠢᠯᠲᠡ ᠶᠢ ᠲᠦᠷᠦᠯ ᠬᠤᠪᠢᠶᠠᠨ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ

ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ

᠃ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠢ ᠰᠠᠶᠢᠲᠤᠷ ᠠᠰᠢᠭᠯᠠᠵᠤ᠂

ᠠᠵᠢᠯ ᠣᠯᠭᠤᠬᠤ ᠪᠠᠷ ᠲᠡᠳᠬᠦᠬᠦ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠡᠪᠴᠢᠶᠡᠲᠦ ᠴᠢᠨᠠᠷᠲᠠᠢ ᠳᠠᠬᠢᠨ

ᠶᠠᠳᠠᠭᠤᠷᠠᠬᠤ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠬᠥᠳᠡᠭᠡ ᠲᠣᠰᠬᠤᠨ ᠤ ᠣᠷᠣᠯᠭ᠎ᠠ

ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ ᠤ ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠰᠤᠳᠤᠯᠤᠨ ᠰᠦᠪᠡᠭᠴᠢᠯᠡᠵᠦ᠂

ᠲᠡᠭᠦᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃

      ︽ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠭᠤᠣᠯ ᠡᠭᠦᠷᠭᠡ ᠮᠥᠨ ᠪᠣᠯᠬᠤᠷ ᠣᠯᠠᠨ

ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠂ ᠠᠵᠤ ᠦᠢᠯᠡᠰ ᠢᠶᠠᠷ ᠳᠠᠶᠢᠴᠢᠯᠠᠬᠤ᠂ ᠠᠵᠢᠯ ᠣᠯᠭᠤᠯᠲᠠ ᠪᠠᠷ

ᠳᠠᠶᠢᠴᠢᠯᠠᠬᠤ᠂ ᠥᠭᠡᠷᠡᠴᠢᠯᠡᠯᠲᠡ ᠪᠠᠷ ᠠᠬᠢᠭᠤᠯᠬᠤ ᠪᠠᠷ ᠳᠠᠮᠵᠢᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ

ᠦᠭᠡᠢ ᠥᠷᠭᠡᠳᠬᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠠᠷᠢᠶᠠᠴᠢᠳ ᠲᠤ ᠬᠦᠷᠲᠡᠭᠡᠬᠦ ᠬᠡᠷᠡᠭᠲᠡᠢ᠃︾ ᠭᠡᠵᠦ ᠵᠤᠤ ᠴᠠᠩ ᠪᠦᠦ

ᠬᠡᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ