ᠭᠠᠭ᠋ᠠᠢ ᠶᠢᠨ ᠮᠢᠬᠠᠨ ᠤ ᠦᠨ᠎ᠡ ᠭᠤᠷᠪᠠᠨ ᠭᠠᠷᠠᠭ ᠳᠠᠷᠠᠭᠠᠯᠠᠨ ᠥᠰᠪᠡ︕
ᠨᠡᠶᠢᠲᠡᠯᠡᠭᠰᠡᠨ ᠴᠠᠭ᠄
2024/4/29
 

        ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠬᠠᠮᠤᠭ ᠤᠨ ᠰᠢᠨ᠎ᠡ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 4 

ᠰᠠᠷ᠎ᠠ ᠶᠢᠨ ᠨᠢᠭᠡᠳᠦᠭᠡᠷ ᠭᠠᠷᠠᠭ ᠲᠤ᠂ ᠪᠥᠬᠦ ᠤᠯᠤᠰ ᠤᠨ ᠭᠠᠭ᠋ᠠᠶ ᠶᠢᠨ ᠮᠢᠬᠠᠨ ᠤ ᠦᠨ᠎ᠡ  ᠺᠢᠯᠣᠭ᠍ᠷᠠᠮ ᠪᠦᠷᠢ ᠳᠡᠭᠡᠨ 25.22 ᠲᠥᠭᠦᠷᠢᠭ ᠪᠠᠶᠢᠵᠤ᠂ 

ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 0.2 % ᠢᠶᠠᠷ ᠥᠰᠴᠦ᠂ ᠨᠢᠭᠡᠨᠲᠡ 3ᠭᠠᠷᠠᠭ ᠳᠠᠷᠠᠭᠠᠯᠠᠨ ᠥᠰᠦᠭᠰᠡᠨ ᠪᠠᠶᠢᠨ᠎ᠠ᠃ 

       ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 3 ᠰᠠᠷ᠎ᠠ ᠶᠢᠨ 31 ᠤ ᠡᠳᠦᠷ᠂ ᠪᠡᠭᠡᠵᠢᠩ ᠤᠨ ᠰᠢᠨ ᠹᠠ  ᠳ᠋ᠢ  ᠵᠠᠬ᠎ᠠ ᠳᠡᠯᠭᠡᠭᠦᠷ ᠤᠨ ᠵᠤᠮᠠᠯᠤᠭᠰᠠᠨ 

ᠭᠠᠭ᠋ᠠᠶ ᠶᠢᠨ ᠪᠥᠭᠡᠮ ᠢᠶᠠᠷ ᠬᠤᠳᠠᠯᠳᠤᠬᠤ ᠳᠤᠮᠳᠠᠴᠢ ᠦᠨ᠎ᠡ ᠨᠢ ᠺᠢᠯᠣᠭ᠍ᠷᠠᠮ  ᠪᠦᠷᠢ ᠳᠡᠭᠡᠨ  18.8 ᠲᠥᠭᠦᠷᠢᠭ ᠪᠠᠶᠢᠵᠤ᠂ 3 ᠰᠠᠷ᠎ᠠ ᠶᠢᠨ 1 ᠤ ᠡᠳᠦᠷ ᠠᠴᠠ 10.

59%  ᠪᠠᠷ  ᠥᠰᠴᠡᠶ᠃  ᠬᠤᠳᠠᠯᠳᠤᠭᠠᠴᠢᠨ  ᠲᠠᠨᠢᠯᠴᠠᠭᠤᠯᠤᠨ ᠬᠡᠯᠡᠬᠦ  ᠪᠠᠨ᠂ ᠣᠶᠢᠷ᠎ᠠ ᠶᠢᠨ ᠬᠤᠭᠤᠴᠠᠭᠠᠨ ᠳᠤ ᠭᠠᠭ᠋ᠠᠶ ᠶᠢᠨ ᠮᠢᠬᠠᠨ ᠤ ᠦᠨ᠎ᠡ ᠥᠰᠦᠭᠰᠡᠨ ᠨᠢ  

ᠭᠤᠤᠯᠳᠠᠭᠤ  ᠬᠠᠩᠭᠠᠯᠭ᠎ᠠ ᠶᠢᠨ ᠲᠠᠯ᠎ᠠ ᠶᠢᠨ ᠠᠮᠢᠳᠤ ᠭᠠᠭ᠋ᠠᠶ ᠶᠢᠨ ᠦᠨ᠎ᠡ ᠦᠰᠦᠭᠰᠡᠨ  ᠠᠴᠠ ᠪᠣᠯᠤᠭᠰᠠᠨ ᠶᠤᠮ ᠬᠡᠪᠡ᠃

        ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠡᠵᠢᠭᠡᠪᠦᠷᠢ  ᠶᠢᠨ ᠡᠷᠦᠬᠡ  ᠶᠢᠨ ᠰᠡᠭᠦᠯᠴᠢ ᠶᠢᠨ  ᠬᠤᠭᠤᠴᠠᠭᠠᠨ   ᠳᠠᠬᠢ ᠭᠠᠭ᠋ᠠᠶ ᠶᠢᠨ ᠦᠨ᠎ᠡ ᠦᠰᠦᠭᠰᠡᠨ 

 ᠨᠢ ᠭᠤᠤᠯᠳᠠᠭᠤ ᠭᠠᠭ᠋ᠠᠶ ᠶᠢᠨ ᠦᠯᠡᠭᠦᠳᠡᠭᠰᠡᠨ  ᠦᠢᠯᠡᠳᠪᠦᠷᠢᠯᠡᠬᠦ  ᠴᠢᠳᠠᠪᠤᠷᠢ   ᠶᠢ  ᠬᠠᠰᠤᠬᠤ ᠠᠵᠢᠯ ᠢᠳᠡᠪᠬᠢᠲᠡᠶ ᠠᠬᠢᠯᠲᠠ ᠲᠠᠢ ᠪᠣᠯᠵᠣ᠂ ᠪᠥᠬᠦ ᠤᠯᠤᠰ ᠤᠨ 

ᠦᠷᠡᠵᠢᠬᠦ ᠴᠢᠳᠠᠪᠤᠷᠢ ᠲᠠᠢ ᠮᠡᠭᠡᠵᠢ ᠶᠢᠨ ᠲᠤᠭ᠎ᠠ ᠨᠢᠭᠡᠨᠲᠡ 14ᠰᠠᠷ᠎ᠠ ᠳᠠᠷᠠᠭᠠᠯᠠᠨ ᠪᠠᠭᠤᠷᠠᠭᠰᠠᠨ  ᠠᠴᠠ ᠪᠤᠯᠵᠠᠢ᠃    

 

 

ᠢᠷᠡᠯᠲᠡ᠄ ᠠᠷᠠᠳ ᠤᠨ ᠡᠳᠦᠷ ᠤᠨ ᠰᠣᠨᠢᠨ