ᠠᠩᠬᠠᠷᠤᠭᠠᠷᠠᠢ ! ᠮᠠᠯᠴᠢᠳ ᠲᠠᠢ ᠬᠤᠯᠪᠣᠭᠳᠠᠨ᠎ᠠ᠂ ᠳᠥᠴᠢᠨ ᠲᠠᠪᠤᠨ ᠡᠳᠦᠷ ᠤᠨ ᠬᠤᠭᠤᠴᠠᠭ᠎ᠠ ᠲᠠᠢ
ᠨᠡᠶᠢᠲᠡᠯᠡᠭᠰᠡᠨ ᠴᠠᠭ᠄
2024/4/3

 

       ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠤᠬᠢᠰᠳᠠᠢ

ᠠᠰᠢᠭᠯᠠᠬᠤ ᠶᠢᠨ ᠲᠤᠰᠠᠳᠠ᠂ ᠤᠷᠠᠳ ᠤᠨ ᠬᠤᠶᠢᠳᠤ ᠬᠤᠰᠢᠭᠤ ᠮᠠᠯ ᠠᠵᠤ ᠠᠬᠤᠢ ᠶᠢᠨ ᠬᠥᠭᠵᠢᠯᠲᠡ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠯᠴᠠᠨ

ᠵᠣᠬᠢᠴᠠᠯᠳᠤᠬᠤ ᠶᠢ ᠲᠦᠯᠬᠢᠨ ᠠᠬᠢᠭᠤᠯᠬᠤ ᠪᠠᠷ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ  ᠪᠠᠯᠴᠢᠬᠡᠷᠯᠠᠨ ᠮᠠᠯᠵᠢᠬᠤ ᠶᠢ ᠵᠣᠭᠰᠤᠭᠠᠵᠤ ᠪᠠᠯᠴᠢᠬᠡᠷ ᠢ

ᠰᠡᠷᠬᠦᠬᠡᠬᠦ ᠳᠦᠷᠢᠮ︾ ︽ᠤᠷᠠᠳ ᠤᠨ ᠬᠤᠶᠢᠲᠤ ᠬᠤᠰᠢᠭᠤᠨ ᠤ ᠮᠠᠯ ᠪᠡᠯᠴᠢᠭᠡᠷ ᠤᠨ ᠠᠰᠠᠭᠤᠳᠠᠯ ᠢ ᠰᠢᠢᠳᠪᠦᠷᠢᠯᠡᠬᠦ ᠠᠷᠪᠠᠨ ᠠᠷᠭ᠎ᠠ ᠬᠡᠮᠵᠢᠶ᠎ᠡ︾ ᠵᠡᠷᠭᠡ ᠬᠠᠮᠢᠶ᠎ᠠ

ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠤᠷᠠᠳ ᠤᠨ ᠬᠤᠶᠢᠳᠤ ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ᠂ ᠡᠪᠡᠰᠦ

ᠪᠡᠯᠴᠢᠭᠡᠷ ᠤᠨ ᠤᠷᠭᠤᠯᠲᠠ ᠶᠢᠨ ᠵᠢᠮ᠎ᠡ ᠶᠣᠰᠣ ᠲᠠᠢ ᠤᠶᠠᠯᠳᠤᠭᠤᠯᠤᠨ᠂ 2024 ᠣᠨ ᠤ 4 ᠰᠠᠷ᠎ᠠ ᠶᠢᠨ 16 ᠤ ᠡᠳᠦᠷ ᠠᠴᠠ ᠡᠬᠢᠯᠡᠨ 5 ᠰᠠᠷ᠎ᠠ ᠶᠢᠨ 30 ᠤ

ᠡᠳᠦᠷ ᠪᠣᠯᠲᠠᠯ᠎ᠠ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠷᠦᠬᠡ ᠳᠤ ᠬᠠᠪᠤᠷ ᠤᠨ ᠤᠯᠠᠷᠢᠯ ᠤᠨ ᠪᠠᠯᠴᠢᠬᠡᠷᠯᠠᠨ ᠮᠠᠯᠵᠢᠬᠤ ᠶᠢ

ᠵᠤᠬᠰᠤᠭᠠᠬᠤ ᠲᠦᠷᠤ ᠶᠢᠨ  ᠪᠤᠳᠤᠯᠭ᠎ᠠ ᠶᠢ ᠬᠡᠷᠡᠭᠵᠢᠭᠦᠯᠬᠦ ᠪᠠᠷ ᠲᠣᠭᠲᠠᠪᠠ᠂ ᠡᠨᠡ ᠨᠢ 45 ᠡᠳᠦᠷ ᠤᠨ ᠬᠤᠭᠤᠴᠠᠭ᠎ᠠ ᠲᠠᠢ᠃

      ᠡᠯ᠎ᠡ ᠰᠤᠮᠤ ᠪᠠᠯᠭᠠᠰᠤ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠪᠡᠯᠴᠢᠭᠡᠷ ᠰᠡᠷᠭᠦᠭᠡᠬᠦ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ᠂ ᠨᠤᠲᠤᠭ

ᠪᠡᠯᠴᠢᠭᠡᠷ ᠤᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ

ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠪᠡᠯᠴᠢᠭᠡᠷᠯᠡᠭᠦᠯᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠬᠦ ᠬᠡᠷᠡᠭᠲᠡᠢ᠃ ᠪᠡᠯᠴᠢᠭᠡᠷ ᠰᠡᠷᠬᠦᠬᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠡᠯᠴᠢᠭᠡᠷ  ᠰᠡᠷᠬᠦᠬᠡᠬᠦ ᠬᠤᠭᠤᠴᠠᠭᠠᠨ ᠳᠤ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠬᠦᠬᠡᠬᠦ ᠳᠦᠷᠢᠮ︾ ᠢ

ᠴᠢᠩᠭ᠎ᠠ ᠬᠡᠷᠡᠭᠵᠢᠭᠦᠯᠦᠭᠰᠡᠨ ᠡᠷᠦᠬᠡ ᠶᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ 7 ᠡᠳᠦᠷ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭᠠᠨ ᠳᠤ

ᠵᠠᠭᠠᠯᠳᠤᠯᠭ᠎ᠠ ᠢᠯᠡᠴᠢᠯᠠᠯᠳᠠ ᠦᠭᠡᠢ᠂ ᠮᠠᠷᠭᠤᠭᠠᠨ ᠦᠭᠡᠢ ᠪᠠᠶᠢᠪᠠᠯ ᠪᠡᠯᠴᠢᠭᠡᠷᠯᠡᠭᠦᠯᠬᠦ ᠶᠢ ᠵᠣᠭᠰᠣᠭᠠᠭᠰᠠᠨ ᠱᠠᠩᠨᠠᠯ ᠤᠨ ᠮᠥᠩᠭᠦ ᠤᠯᠭᠤᠨ᠎ᠠ᠃ ᠪᠡᠯᠴᠢᠭᠡᠷᠯᠡᠭᠦᠯᠬᠦ ᠶᠢ

ᠵᠣᠭᠰᠣᠭᠠᠭᠰᠠᠨ ᠬᠤᠭᠤᠴᠠᠭᠠᠨ ᠳᠤ  ᠪᠠᠯᠴᠢᠬᠡᠷᠯᠠᠨ ᠮᠠᠯᠵᠢᠬᠰᠠᠨ ᠪᠣᠯ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ

ᠴᠡᠭᠴᠡᠯᠡᠨ ᠥᠭᠡᠷᠡᠴᠢᠯᠡᠭᠦᠯᠵᠦ᠂ ᠬᠠᠤᠯᠢ ᠠᠴᠠ ᠵᠥᠷᠢᠴᠡᠨ ᠪᠡᠯᠴᠢᠬᠡᠷᠯᠠᠨ ᠮᠠᠯᠵᠢᠬᠰᠠᠨ ᠮᠠᠯ ᠤᠨ ᠲᠤᠭ᠎ᠠ ᠪᠠᠷ ᠨᠢᠭᠡᠴᠡ ᠪᠤᠯᠭᠠᠨ 120 ᠲᠥᠭᠦᠷᠢᠭ ᠤᠨ ᠪᠠᠷᠢᠮᠵᠢᠶ᠎ᠠ

 ᠪᠠᠷ ᠲᠣᠷᠭᠠᠬᠤ ᠶᠢᠨ ᠬᠠᠮᠲᠤ ᠪᠡᠯᠴᠢᠭᠡᠷᠯᠡᠭᠦᠯᠬᠦ ᠶᠢ ᠵᠣᠭᠰᠣᠭᠠᠭᠰᠠᠨ ᠱᠠᠩᠨᠠᠯ ᠤᠨ ᠮᠥᠩᠭᠦ  ᠶᠢ  ᠨᠢ ᠬᠠᠰᠤᠵᠤ ᠭᠠᠷᠭᠠᠨ᠎ᠠ᠃

      

      ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠢᠯᠡᠴᠢᠯᠡᠨ ᠮᠡᠳᠡᠭᠦᠯᠬᠦ ᠤᠲᠠᠰᠤ᠄

0478-4615957

      ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0478-4665053

      ᠪᠠᠶᠠᠨᠪᠤᠯᠠᠭ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-2391856

      ᠬᠦᠬᠡᠨ᠋ᠦ᠋ᠨᠳᠤᠷ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-4608148

      ᠴᠤᠬᠠᠦ᠋ᠨᠳᠤᠷ ᠪᠠᠯᠭᠠᠰᠤᠨ ᠤ ᠢᠯᠡᠴᠢᠯᠡᠨ ᠮᠡᠳᠡᠭᠦᠯᠬᠦ ᠤᠲᠠᠰᠤ᠄ 0478-4912288

      ᠬᠦᠬᠡᠴᠤ ᠰᠤᠮᠤᠨ ᠤ ᠢᠯᠡᠴᠢᠯᠡᠨ ᠮᠡᠳᠡᠭᠦᠯᠬᠦ ᠤᠲᠠᠰᠤ ᠶᠢ ᠲᠤᠰᠴᠠᠢ᠄ 0478-4601050

      ᠤᠦ ᠶᠢᠨ ᠭᠤᠤᠯ ᠰᠤᠮᠤ ᠶᠢᠨ ᠢᠯᠡᠴᠢᠯᠡᠨ ᠮᠡᠳᠡᠭᠦᠯᠬᠦ ᠤᠲᠠᠰᠤ᠄ 0478-7989267

      ᠪᠠᠶᠠᠨᠴᠢᠨᠳᠠᠮᠤᠨᠢ ᠰᠤᠮᠤᠨ ᠤ ᠢᠯᠡᠴᠢᠯᠡᠨ ᠮᠡᠳᠡᠭᠦᠯᠬᠦ ᠤᠲᠠᠰᠤ᠄ 0478-2621369

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ