| ᠣᠶᠢᠷ᠎ᠠ ᠳᠤ᠂ ᠬᠤᠰᠢᠭᠤᠨ ᠤ ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠤᠨ ᠬᠥᠨᠳᠡᠯᠡᠨ ᠠᠴᠠ | ᠲᠠᠰᠤᠯᠠᠬᠤ ᠰᠠᠶᠢᠨ ᠳᠤᠷ᠎ᠠ ᠶᠢᠨ ᠵᠠᠯᠠᠭᠤ ᠠᠵᠢᠯᠯᠠᠭᠴᠢ ᠬᠤᠰᠢᠭᠤᠨ ᠤ ᠠᠵᠢᠯᠴᠢᠨ ᠤ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯᠲᠠᠳ ᠲᠠᠢ | ᠬᠠᠮᠲᠤᠷᠠᠨ ᠪᠠᠶᠠᠨᠨᠠᠭᠤᠷ ᠤᠨ ᠽᠢ ᠶᠢᠨ ᠥᠩᠭᠡᠲᠦ ᠲᠡᠮᠦᠷᠯᠢᠭ ᠤᠨ ᠬᠢᠵᠠᠭᠠᠷᠲᠤ ᠺᠤᠮᠫᠠᠨᠢ ᠳᠤ ᠬᠦᠷᠴᠤ᠂ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠵᠦ᠂ | ᠠᠵᠤ ᠠᠬᠤᠶᠢᠯᠠᠯ ᠢ ᠬᠠᠯᠠᠮᠵᠢᠯᠠᠵᠤ᠂ ᠠᠷᠠᠯᠵᠢᠶ᠎ᠠ ᠡᠵᠡᠩᠨᠠᠯᠳᠠ ᠶᠢ ᠬᠠᠮᠠᠭᠠᠯᠠᠬᠤ︾ ᠬᠥᠨᠳᠡᠯᠡᠨ ᠠᠴᠠ ᠲᠠᠰᠤᠯᠤᠭᠴᠢ ᠰᠠᠶᠢᠨ ᠳᠤᠷ᠎ᠠ ᠶᠢᠨ ᠵᠠᠯᠠᠭᠤ | ᠠᠵᠢᠯᠯᠠᠭᠴᠢ ᠶᠢᠨ ᠠᠵᠤ ᠠᠬᠤᠶᠢᠯᠠᠯ ᠲᠠᠢ ᠬᠠᠷᠢᠯᠴᠠᠬᠤ ᠠᠵᠢᠯᠯᠠᠭ᠎ᠠ ᠦᠷᠨᠢᠬᠦᠯᠪᠠ᠃ ᠠᠵᠤ ᠠᠬᠤᠶᠢᠯᠠᠯ ᠢ ᠬᠠᠪᠰᠤᠷᠤᠨ ᠬᠥᠳᠡᠯᠮᠦᠷᠢ ᠬᠦᠴᠦᠨ ᠢ ᠬᠡᠷᠡᠭᠯᠡᠬᠦ | ᠬᠠᠮᠢᠶᠠᠷᠤᠯᠲᠠ ᠳᠤᠮᠳᠠᠬᠢ ᠬᠦᠴᠢᠷ ᠲᠦᠪᠡᠭ ᠠᠰᠠᠭᠤᠳᠠᠯ ᠢ ᠡᠮᠬᠢᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠳᠡᠯᠮᠦᠷᠢ ᠶᠢᠨ ᠬᠠᠷᠢᠴᠠᠭ᠎ᠠ ᠶᠢᠨ ᠡᠷᠡᠭᠦᠯ ᠢᠶᠠᠷ | ᠬᠥᠭᠵᠢᠬᠦ ᠳᠤ ᠬᠦᠴᠦᠨ ᠨᠡᠮᠡᠷᠢᠯᠡᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠠ᠃ | ᠰᠠᠶᠢᠨ ᠳᠤᠷ᠎ᠠ ᠶᠢᠨ ᠦᠢᠯᠡᠴᠢᠯᠡᠭᠴᠢᠳ ᠬᠠᠤᠯᠢ ᠴᠠᠭᠠᠴᠠ ᠶᠢᠨ ᠬᠢᠴᠢᠶᠠᠯ᠂ ᠰᠦᠯᠵᠢᠶᠡᠨ ᠲᠡᠬᠡᠷᠡᠬᠢ ᠬᠢᠴᠢᠶᠡᠯ ᠤᠨ ᠲᠠᠩᠬᠢᠮ᠂ ᠲᠤᠬᠠᠢ ᠶᠢᠨ ᠲᠠᠯᠠᠪᠤᠷ ᠲᠤ | ᠮᠠᠳᠠᠭ ᠲᠠᠢ ᠠᠰᠠᠭᠤᠳᠠᠯ ᠢ ᠬᠠᠷᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠪᠣᠯᠣᠨ ᠠᠵᠢᠯᠲᠠᠨ ᠠᠵᠢᠯᠴᠢᠨ ᠲᠠᠢ ᠨᠢᠭᠤᠷᠲᠠᠨ ᠶᠠᠷᠢᠯᠴᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠭᠰᠡᠨ ᠪᠣᠳᠠᠲᠠᠢ ᠪᠠᠶᠢᠳᠠᠯ ᠢ ᠣᠶᠢᠯᠠᠭᠠᠨ | ᠂ ᠬᠥᠳᠡᠯᠮᠦᠷᠢ ᠶᠢᠨ ᠠᠵᠢᠯᠴᠢᠨ ᠢ ᠬᠡᠷᠡᠭᠯᠡᠬᠦ ᠳᠦᠷᠢᠮ ᠲᠣᠭᠲᠠᠭᠠᠯ ᠳᠤ ᠨᠡᠶᠢᠴᠡᠬᠦ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ᠂ ᠠᠵᠢᠯ ᠤᠨ | ᠪᠠᠶᠢᠷᠢ ᠪᠠ ᠴᠠᠯᠢᠩ ᠢ ᠲᠣᠬᠢᠷᠠᠭᠤᠯᠬᠤ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠠᠰᠠᠭᠤᠳᠠᠯ ᠢ ᠡᠮᠬᠢᠯᠡᠨ ᠵᠠᠳᠠᠯᠵᠤ᠂ ᠠᠵᠤ ᠠᠬᠤᠶᠢᠯᠠᠯ ᠢ ᠤᠯᠠᠮ ᠨᠢᠭᠡ ᠠᠯᠬᠤᠮ | ᠬᠥᠲᠥᠯᠥᠨ ᠵᠢᠯᠤᠭᠤᠳᠴᠤ ᠪᠠᠶᠢᠭᠠᠳ ᠬᠥᠳᠡᠯᠮᠦᠷᠢᠴᠢᠨ ᠪᠠ ᠬᠥᠷᠥᠩᠭᠡᠲᠡᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠭᠦᠯᠵᠦ᠂ ᠬᠥᠳᠡᠯᠮᠦᠷᠢᠴᠢᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ ᠬᠥᠳᠡᠯᠮᠦᠷᠢᠴᠢᠨ ᠳᠤ ᠥᠪᠡᠷ ᠤᠨ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠲᠤᠬᠠᠢ | ᠰᠠᠨᠠᠭᠤᠯᠤᠬᠰᠠᠨ ᠪᠠᠶᠢᠨ᠎ᠠ᠃ | ︽ᠡᠨᠡ ᠤᠳᠠᠭᠠᠨ ᠤ ᠲᠠᠶᠢᠯᠤᠮᠵᠢ ᠳᠤ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠬᠠᠤᠯᠢ ᠵᠦᠢ ᠶᠢᠨ ᠵᠠᠳᠠᠯᠤᠯᠲᠠ ᠬᠢᠭᠰᠡᠨ | ᠪᠥᠭᠡᠳ ᠪᠣᠳᠠᠲᠠᠢ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠤᠭᠰᠠᠨ ᠪᠣᠯᠬᠤᠷ ᠪᠢᠳᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ | ᠶᠢᠨ ᠭᠡᠷ᠎ᠡ ᠶᠢᠨ ᠬᠠᠤᠯᠢ︾ ᠶᠢ ᠨᠡᠩ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠳᠤ ᠲᠤᠰᠠᠲᠠᠢ ᠪᠠᠷ ᠪᠠᠷᠠᠬᠤ ᠦᠭᠡᠢ ᠪᠠᠰᠠ ᠠᠵᠢᠯᠲᠠᠨ ᠠᠵᠢᠯᠴᠢᠨ ᠤ ᠨᠢᠭᠲᠠᠷᠠᠯ ᠤᠨ ᠬᠦᠴᠦᠨ ᠢ ᠨᠡᠮᠡᠭᠳᠡᠭᠦᠯᠬᠦ ᠳᠤ ᠠᠰᠢᠭᠲᠠᠢ ᠪᠠᠶᠢᠵᠤ᠂ ᠠᠵᠤ | ᠠᠬᠤᠶᠢᠯᠠᠯ ᠤᠨ ᠠᠯᠤᠰ ᠬᠡᠳᠦ ᠶᠢᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ︾᠃ ᠭᠡᠵᠦ ᠪᠠᠶᠠᠨᠨᠠᠭᠤᠷ ᠤᠨ ᠽᠢ ᠶᠢᠨ ᠥᠩᠭᠡᠲᠦ ᠲᠡᠮᠦᠷᠯᠢᠭ ᠤᠨ | ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠨ ᠶᠦᠩ ᠯᠢ ᠬᠡᠯᠡᠪᠡ᠃ | ᠵᠠᠯᠭᠠᠭᠠᠳ ᠬᠤᠰᠢᠭᠤᠨ ᠤ ᠬᠥᠨᠳᠡᠯᠡᠨ ᠠᠴᠠ ᠲᠠᠰᠤᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠦᠷᠭᠦᠯᠵᠢᠯᠡᠨ ᠨᠠᠩ ᠣᠷᠭᠢᠯᠤᠮ᠎ᠠ ᠬᠠᠯᠠᠭᠤᠨ | ᠰᠡᠳᠬᠢᠯᠭᠡ ᠪᠠ ᠡᠯᠪᠡᠭ ᠪᠠᠶᠠᠯᠢᠭ ᠲᠤᠰᠬᠠᠢ ᠮᠡᠷᠭᠡᠵᠢᠯ ᠤᠨ ᠮᠡᠳᠡᠯᠭᠡ ᠪᠠᠷ ᠨᠠᠩ ᠣᠯᠠᠨ ᠠᠵᠤ ᠠᠬᠤᠶᠢᠯᠠᠯ ᠳᠤ ᠬᠦᠷᠴᠦ᠂ ᠬᠥᠳᠡᠯᠮᠦᠷᠢ ᠶᠢᠨ ᠬᠠᠤᠯᠢ ᠴᠠᠭᠠᠵᠠ ᠶᠢ | ᠤᠬᠠᠭᠤᠯᠤᠨ ᠲᠠᠶᠢᠯᠪᠤᠷᠢᠯᠠᠵᠤ᠂ ᠪᠥᠬᠦ ᠨᠡᠶᠢᠭᠡᠮ ᠢᠶᠠᠷ ᠢᠶᠠᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ᠂ ᠬᠥᠳᠡᠯᠮᠦᠷᠢᠴᠢᠳ ᠤᠨ ᠬᠠᠤᠯᠢ ᠶᠣᠰᠣᠭᠠᠷ ᠣᠶᠤᠨᠴᠢ ᠪᠠᠷ | ᠡᠷᠬᠡ ᠪᠠᠨ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ | ᠬᠠᠷᠢᠴᠠᠭ᠎ᠠ ᠶᠢ ᠬᠠᠮᠲᠤ ᠪᠠᠷ ᠪᠠᠶᠢᠭᠤᠯᠬᠤ ᠪᠠᠷ ᠬᠦᠴᠤᠯᠠᠬᠦ ᠶᠤᠮ᠃ |