ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠭᠢᠯᠭᠠᠨ ᠮᠡᠳᠡᠭᠡ 4 ᠰᠠᠷ᠎ᠠ ᠶᠢᠨ 1 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ | ᠫᠦᠯᠠᠪᠦ᠋ᠥᠸᠧᠤ᠋ ᠲᠠᠢ ᠬᠡᠯᠡᠯᠴᠡᠭᠡ ᠬᠢᠪᠡ᠃ | | | | | | 4 ᠰᠠᠷ᠎ᠠ ᠶᠢᠨ 1 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠯᠠᠪᠦ᠋ᠥᠸᠧᠤ᠋ ᠲᠠᠢ ᠬᠡᠯᠡᠯᠴᠡᠭᠡ ᠬᠢᠪᠡ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | | ᠰᠢ ᠶᠢᠨ ᠫᠢᠩ ᠫᠦᠯᠠᠪᠦ᠋ᠥᠸᠧᠤ᠋ ᠶᠢᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠬᠦ ᠶᠢᠨ ᠬᠠᠮᠲᠤ ᠲᠡᠭᠦᠨ ᠢᠶᠠᠷ | ᠳᠠᠮᠵᠢᠭᠤᠯᠤᠨ ᠶᠡᠷᠦᠩᠬᠡᠶᠢᠯᠡᠭᠴᠢ ᠽᠦᠥᠸ᠋ᠺᠧ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ | ᠥᠩᠭᠡᠷᠡᠭᠰᠡᠨ 10 ᠵᠢᠯ ᠳᠤ ᠪᠢ ᠶᠡᠷᠦᠩᠬᠡᠶᠢᠯᠡᠭᠴᠢ ᠽᠦᠥᠸ᠋ᠺᠧ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠪᠦᠭᠦ ᠲᠠᠯ᠎ᠠ ᠪᠠᠷ ᠲᠦᠷᠭᠡᠨ ᠬᠥᠭᠵᠢᠬᠦ ᠶᠢ | ᠬᠥᠲᠥᠯᠥᠨ ᠳᠠᠭᠠᠭᠤᠯᠵᠤ᠂ ᠬᠦᠨᠳᠦ ᠴᠢᠬᠤᠯᠠ ᠦᠷ᠎ᠡ ᠪᠦᠲᠦᠭᠡᠯ ᠣᠯᠪᠠ᠃ ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠨᠢ ᠬᠤᠶᠠᠷ ᠤᠯᠤᠰ ᠤᠨ ᠴᠢᠨᠠᠷ | ᠰᠠᠶᠢᠲᠠᠢ ᠬᠠᠮᠲᠤᠷᠠᠯᠴᠠᠭᠠᠨ ᠤ ᠰᠢᠨᠵᠢ ᠲᠡᠮᠳᠡᠭ ᠪᠣᠯᠵᠤ᠂ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠬᠤ ᠰᠢᠨ᠎ᠡ ᠱᠠᠲᠤᠨ ᠳᠤ ᠣᠷᠣᠪᠠ᠃ ᠳᠤᠮᠳᠠᠳᠤ ᠤᠯᠤᠰ ᠤᠨ᠋ ᠬᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ | ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ ᠢᠨᠳᠤᠨᠧᠰᠢᠶ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠳᠤᠮᠳᠠᠳᠤ ᠢᠨᠳᠤᠨᠧᠰᠢᠶ᠎ᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠪᠣᠯᠣᠨ | ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠡᠷᠬᠢᠮ ᠨᠠᠨᠳᠢᠨ ᠠᠮᠵᠢᠯᠲᠠ ᠣᠯᠣᠭᠰᠠᠨ ᠤ ᠵᠠᠩᠭᠢᠯᠠᠭ᠎ᠠ ᠨᠢ ᠪᠠᠶᠢᠯᠳᠤᠬᠤ ᠪᠣᠳᠣᠯᠭ᠎ᠠ ᠶᠢᠨ | ᠪᠡᠶ᠎ᠡ ᠪᠠᠨ ᠳᠠᠭᠠᠭᠠᠬᠤ ᠶᠢ ᠪᠠᠷᠢᠮᠲᠠᠯᠠᠭᠰᠠᠨ᠂ ᠬᠠᠷᠢᠯᠴᠠᠨ ᠢᠲᠡᠭᠡᠯᠴᠡᠵᠦ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠭᠰᠠᠨ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠶᠢ ᠪᠠᠷᠢᠮᠲᠠᠯᠠᠭᠰᠠᠨ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠳᠤ ᠪᠠᠶᠢᠨ᠎ᠠ᠃ ᠳᠤᠮᠳᠠᠳᠤ ᠤᠯᠤᠰ ᠪᠣᠯᠣᠨ ᠢᠨᠳᠤᠨᠧᠰᠢᠶ᠎ᠠ ᠴᠥᠮ | ᠬᠥᠭᠵᠢᠵᠦ ᠪᠠᠶᠢᠭ᠎ᠠ ᠲᠣᠮᠣ ᠤᠯᠤᠰ ᠪᠠ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠤᠯᠤᠰ ᠤᠨ ᠲᠥᠯᠥᠭᠡᠯᠡᠭᠴᠢ ᠮᠥᠨ᠃ ᠥᠩᠭᠡᠷᠡᠭᠰᠡᠨ ᠳᠤ ᠬᠤᠶᠠᠷ | ᠤᠯᠤᠰ ᠢᠶᠠᠷ ᠢᠶᠠᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠲᠡᠮᠡᠴᠡᠨ ᠣᠯᠬᠤ ᠳᠤᠮᠳᠠ ᠢᠮᠠᠭᠲᠠ | ᠬᠠᠷᠢᠯᠴᠠᠨ ᠳᠡᠮᠵᠢᠯᠴᠡᠵᠦ ᠢᠷᠡᠪᠡ᠂ ᠬᠤᠶᠢᠰᠢᠳᠠ ᠪᠠᠰᠠ ᠴᠢᠩ ᠦᠨᠡᠨᠴᠢ ᠪᠠᠷ ᠪᠦᠯᠬᠦᠮᠳᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ | ᠳᠠᠭᠤᠷᠢᠶᠠᠯ᠂ ᠬᠠᠮᠲᠤ ᠪᠠᠷ ᠬᠥᠭᠵᠢᠬᠦ ᠦᠯᠢᠭᠡᠷ ᠵᠢᠱᠢᠶ᠎ᠡ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠤᠰᠢᠭᠤᠴᠢ ᠪᠣᠯᠪᠠᠯ ᠵᠣᠬᠢᠨ᠎ᠠ᠃ ᠬᠤᠶᠠᠷ | ᠲᠠᠯ᠎ᠠ ᠪᠠᠷ ᠢᠶᠠᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠡᠷᠡᠰ ᠵᠠᠮᠨᠠᠵᠤ᠂ ᠲᠤᠰ ᠲᠤᠰ ᠤᠨ ᠢᠶᠠᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ | ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠨ ᠳᠡᠮᠵᠢᠯᠴᠡᠪᠡᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ | ᠢᠨᠳᠤᠨᠧᠰᠢᠶ᠎ᠠ ᠯᠤᠭ᠎ᠠ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ᠂ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠬᠤᠶᠠᠷ ᠤᠯᠤᠰ ᠤᠨ ᠬᠤᠶᠠᠷ ᠬᠦᠷᠢᠶᠡᠯᠡᠩ︾ ᠪᠣᠯᠣᠨ ︽ᠣᠷᠣᠨ ᠪᠦᠰᠡ ᠶᠢᠨ | ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ︾ ᠤᠨ ᠲᠦᠷᠦᠯ ᠵᠦᠢᠯ ᠢ ᠭᠦᠨᠵᠡᠭᠡᠢ ᠠᠬᠢᠭᠤᠯᠵᠤ᠂ ᠳᠠᠯᠠᠢ ᠳᠡᠭᠡᠷᠡᠬᠢ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠶᠠᠳᠠᠭᠤ ᠬᠦᠴᠢᠷᠳᠡᠯ ᠢ ᠪᠠᠭᠠᠰᠬᠠᠵᠤ ᠶᠠᠳᠠᠭᠤ ᠠᠴᠠ ᠠᠩᠭᠢᠵᠢᠷᠠᠭᠤᠯᠬᠤ ᠬᠦᠷᠢᠶᠡᠨ ᠳᠤ ᠢᠨᠳᠤᠨᠧᠰᠢᠶ᠎ᠠ ᠯᠤᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠰᠢᠷᠦᠭᠦᠰᠴᠦ ᠪᠠᠶᠢᠨ᠎ᠠ | ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠢᠳᠡᠪᠬᠢᠲᠡᠢ ᠦᠢᠯᠡᠳᠦᠯᠭᠡᠵᠢᠭᠦᠯᠵᠦ᠂ ᠪᠦᠯᠬᠦᠮᠳᠡᠯ᠂ ᠨᠥᠬᠦᠷᠯᠡᠯ᠂ | ᠬᠠᠮᠲᠤᠷᠠᠯᠴᠠᠭᠠᠨ ᠤ ᠪᠠᠨᠳᠦ᠋ᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯ ᠪᠠ | ᠲᠦᠭᠡᠮᠡᠯ ᠭᠦᠷᠲᠡᠭᠡᠮᠵᠢᠳᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠶᠢᠨ ᠬᠢᠨ ᠲᠠᠢ | ᠬᠠᠮᠲᠤ ᠪᠠᠷ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠯ ᠪᠠ ᠭᠤᠣᠯ ᠪᠤᠯᠬᠤ ᠪᠠᠶᠢᠷᠢ ᠰᠠᠭᠤᠷᠢ ᠶᠢ ᠬᠠᠮᠠᠭᠠᠯᠠᠵᠤ᠂ ᠨᠡᠭᠡᠭᠡᠯᠲᠡᠲᠡᠢ | ᠪᠠᠭᠲᠠᠭᠠᠮᠵᠢᠲᠠᠢ ᠭᠠᠵᠠᠷ ᠣᠷᠣᠨ ᠤ ᠲᠥᠯᠥᠪᠰᠢᠷᠡᠯ ᠢ ᠬᠠᠮᠠᠭᠠᠯᠠᠵᠤ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ | ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ | | ᠫᠦᠯᠠᠪᠦ᠋ᠥᠸᠧᠤ᠋ ᠠᠴᠠ ᠶᠡᠷᠦᠩᠬᠡᠶᠢᠯᠡᠭᠴᠢ ᠽᠦᠥᠸ᠋ᠺᠧ ᠶᠢᠨ ᠲᠡᠷᠢᠭᠦᠯᠡᠭᠴᠢ ᠰᠢ ᠶᠢᠨ ᠫᠢᠩ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ ᠪᠠᠶᠢᠬᠤ ᠶᠢ | ᠳᠠᠮᠵᠢᠭᠤᠯᠪᠠ᠂ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠤ ᠳᠠᠷᠠᠭ᠎ᠠ ᠳᠤᠮᠳᠠᠳᠤ ᠤᠯᠤᠰ ᠢ ᠠᠶᠢᠯᠴᠢᠯᠠᠬᠰᠠᠨ ᠠᠩᠬᠠᠳᠠᠭᠴᠢ ᠤᠯᠤᠰ ᠪᠤᠯᠭᠠᠬᠰᠠᠨ ᠳᠠᠭᠠᠨ ᠮᠠᠰᠢ | ᠪᠠᠶᠠᠷᠯᠠᠵᠤ ᠪᠠᠶᠢᠭ᠎ᠠ ᠪᠠᠨ ᠢᠯᠡᠷᠬᠡᠶᠢᠯᠡᠪᠡ᠃ ᠳᠤᠮᠳᠠᠳᠤ ᠤᠯᠤᠰ ᠪᠣᠯ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ ᠢᠨᠳᠤᠨᠧᠰᠢᠶ᠎ᠠ ᠯᠤᠭ᠎ᠠ ᠢᠮᠠᠭᠲᠠ | ᠬᠠᠷᠢᠯᠴᠠᠨ ᠭᠦᠨᠳᠦᠳᠭᠡᠵᠦ᠂ ᠬᠠᠷᠢᠯᠴᠠᠨ ᠡᠷᠬᠡ ᠲᠡᠭᠰᠢ ᠪᠠᠷ ᠬᠠᠨᠳᠤᠭᠰᠠᠭᠠᠷ ᠢᠷᠡᠵᠠᠢ᠃ ᠪᠢ ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ | ᠲᠦᠮᠡᠨ ᠢ ᠤᠳᠤᠷᠢᠳᠤᠨ ᠣᠯᠣᠭᠰᠠᠨ ᠠᠭᠤᠤ ᠶᠡᠭᠡ ᠠᠮᠵᠢᠯᠲᠠ ᠶᠢ ᠲᠤᠶᠢᠯ ᠢᠶᠠᠷ ᠪᠢᠰᠢᠷᠡᠵᠦ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠪᠣᠯ | ᠢᠨᠳᠤᠨᠧᠰᠢᠶ᠎ᠠ ᠶᠢᠨ ᠬᠦᠴᠦᠷᠬᠡᠭ ᠶᠡᠭᠡ ᠬᠠᠮᠲᠤᠷᠠᠯᠴᠠᠭᠠᠨ ᠤ ᠬᠠᠨᠢᠲᠠᠨ ᠮᠥᠨ᠃ ᠣᠶᠢᠷ᠎ᠠ ᠶᠢᠨ ᠵᠢᠯ ᠠᠴᠠ ᠳᠤᠮᠳᠠᠳᠤ ᠤᠯᠤᠰ ᠤᠨ ᠠᠵᠤ ᠠᠬᠤᠶᠢᠯᠠᠯ | ᠢᠨᠳᠤᠨᠧᠰᠢᠶ᠎ᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠢᠨᠳᠤᠨᠧᠰᠢᠶ᠎ᠠ ᠶᠢᠨ ᠤᠯᠤᠰ ᠤᠨ ᠬᠥᠭᠵᠢᠯᠲᠡ ᠳᠤ ᠬᠦᠴᠦᠨ | ᠨᠡᠮᠡᠷᠢᠯᠡᠪᠡ᠃ ᠪᠢ ᠢᠨᠳᠤᠨᠧᠰᠢᠶ᠎ᠠ ᠪᠣᠯᠣᠨ ᠳᠤᠮᠳᠠᠳᠤ ᠤᠯᠤᠰ ᠤᠨ ᠨᠡᠩ ᠨᠢᠭᠲᠠ ᠬᠠᠷᠢᠯᠴᠠᠭ᠎ᠠ ᠶᠢ ᠬᠥᠭᠵᠢᠭᠦᠯᠬᠦ ᠶᠢ ᠪᠦᠷᠢᠮᠦᠰᠦᠨ ᠲᠡᠮᠵᠢᠵᠥ᠂ ᠳᠤᠷᠠᠲᠠᠶ᠎ᠠ | ᠶᠡᠷᠦᠩᠬᠡᠶᠢᠯᠡᠭᠴᠢ ᠽᠦᠥᠸ᠋ᠺᠧ ᠶᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠵᠦ᠂ ᠪᠡᠶ᠎ᠡ ᠪᠠᠨ ᠳᠠᠭᠠᠭᠠᠵᠤ ᠡᠵᠡᠨ | ᠮᠡᠳᠡᠬᠦ ᠶᠢ ᠪᠠᠷᠢᠮᠲᠠᠯᠠᠵᠤ᠂ ᠢᠨᠳᠤᠨᠧᠰᠢᠶ᠎ᠠ ᠶᠢᠨ ᠵᠠᠰᠠᠭ ᠤᠨ ᠣᠷᠳᠣᠨ ᠤ ᠪᠠᠷᠢᠮᠲᠠᠯᠠᠭᠰᠠᠭᠠᠷ ᠢᠷᠡᠭᠰᠡᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ | ᠬᠢᠴᠢᠶᠡᠩᠭᠦᠶᠢᠯᠡᠨ ᠵᠢᠷᠤᠮᠯᠠᠵᠤ᠂ ᠳᠤᠮᠳᠠᠳᠤ ᠤᠯᠤᠰ ᠯᠤᠭ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠡᠷᠡᠰ ᠲᠡᠮᠵᠢᠵᠥ᠂ ᠬᠤᠶᠠᠷ ᠤᠯᠤᠰ ᠤᠨ | ᠬᠠᠷᠢᠯᠴᠠᠭ᠎ᠠ ᠶᠢᠨ ᠨᠡᠩ ᠪᠦᠭᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠢᠨᠳᠤᠨᠧᠰᠢᠶ᠎ᠠ ᠶᠢᠨ ᠰᠢᠨ᠎ᠡ ᠵᠠᠰᠠᠭ ᠤᠨ ᠣᠷᠳᠣᠨ ᠳᠤᠷᠠᠲᠠᠶ᠎ᠠ ᠬᠤᠶᠠᠷ | ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠶᠠᠳᠠᠭᠤ ᠠᠴᠠ | ᠠᠩᠭᠢᠵᠢᠷᠠᠭᠤᠯᠬᠤ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠴᠢᠨᠠᠭᠰᠢᠳᠠ ᠪᠤᠶᠠᠨ ᠦᠢᠯᠡᠳᠦᠨ᠎ᠡ᠃ ᠳᠤᠮᠳᠠᠳᠤ ᠤᠯᠤᠰ ᠳᠡᠯᠡᠬᠡᠢ ᠶᠢᠨ ᠬᠡᠷᠡᠭ ᠶᠠᠪᠤᠳᠠᠯ ᠳᠤᠮᠳᠠ ᠣᠨᠴᠠᠭᠠᠶᠢᠯᠠᠨ ᠫᠠᠯᠧᠰᠲ᠋ᠠᠶᠢᠨ ᠤ ᠠᠰᠠᠭᠤᠳᠠᠯ ᠳᠡᠭᠡᠷ᠎ᠡ | ᠢᠮᠠᠭᠲᠠ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠳᠠᠭ ᠢ ᠪᠢ ᠮᠠᠰᠢ ᠮᠠᠭᠲᠠᠨ ᠰᠠᠶᠢᠰᠢᠶᠠᠵᠤ ᠪᠠᠶᠢᠨ᠎ᠠ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃ | | ᠸᠠᠩ ᠢ ᠬᠡᠯᠡᠯᠴᠡᠭᠡ ᠬᠢᠬᠦ ᠳᠤ ᠣᠷᠣᠯᠴᠠᠪᠠ᠃ | | | |