ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ 4 ᠬᠤᠲᠠ ᠳᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2024/4/9

      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ︾᠎ ᠶᠢᠨ

ᠲᠣᠭᠲᠠᠭᠠᠯ ᠢ ᠦᠨᠳᠦᠰᠦᠯᠡᠨ ᠮᠠᠨ ᠤ ᠣᠷᠣᠨ ᠬᠥᠯᠥᠨ ᠪᠤᠶᠢᠷ ᠬᠤᠳᠠ᠂ ᠲᠦᠩᠯᠢᠶᠣᠣ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠳᠤ ᠬᠤᠶᠠᠳᠤᠭᠠᠷ

ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ

ᠳᠤᠭᠤᠶᠢᠯᠠᠩ ᠣᠶᠢᠷ᠎ᠠ ᠳᠤ ᠬᠢᠨᠠᠨ ᠪᠠᠶᠢᠴᠠᠭᠠᠭᠳᠠᠭᠰᠠᠨ ᠬᠤᠲᠠ ᠳᠤ ᠬᠠᠷᠢᠭᠤ ᠲᠤᠰᠬᠠᠪᠠ᠃

     ᠥᠪᠡᠷᠲᠡᠭᠡᠨ ᠵᠠᠰᠠᠬᠤ ᠣᠷᠣᠨ ᠤ ᠲᠣᠰ ᠡᠭᠡᠯᠵᠢ ᠶᠢᠨ ᠬᠢᠨᠠᠨ ᠪᠠᠶᠢᠴᠠᠭᠠᠯᠲᠠ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ

ᠨᠠᠶᠢᠳᠠᠪᠤᠷᠢᠵᠢᠭᠤᠯᠵᠤ᠂ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ

ᠲᠤᠬᠠᠢ ᠪᠦᠭᠦ ᠲᠠᠯ᠎ᠠ ᠶᠢᠨ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠥᠷᠨᠢᠭᠦᠯᠵᠦ᠂ ᠭᠤᠣᠯᠳᠠᠭᠤ ︽ᠬᠤᠶᠠᠷ ᠦᠢᠯᠡᠴᠢᠯᠡᠭᠡ︾᠎ ᠶᠢ ᠢᠯᠡᠷᠡᠭᠦᠯᠵᠦ᠂

︽ᠨᠢᠭᠡ ᠭᠡᠯᠪᠡᠷᠢ ᠪᠠᠨ ᠬᠤᠪᠢᠷᠠᠭᠤᠯᠬᠤ︾᠎ ᠶᠢ ᠪᠡᠶᠡᠯᠡᠭᠦᠯᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ

ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ

ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠎ ᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠶᠢ ᠬᠢᠨᠠᠨ ᠪᠠᠶᠢᠴᠠᠭᠠᠬᠤ ᠭᠤᠣᠯᠳᠠᠯᠭ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ

ᠪᠦᠲᠦᠭᠡᠨ ᠪᠠᠶᠢᠭᠤᠯᠤᠯᠲᠠ ᠶᠢᠨ ᠠᠮᠢ ᠠᠬᠤᠢ ᠶᠢᠨ ᠪᠦᠭᠦ ᠡᠯᠧᠮᠧᠨ᠋ᠲ ᠤᠨ ᠬᠠᠷᠠᠯᠲᠠ ᠪᠠ ᠡᠭᠦᠷᠭᠡ ᠲᠠᠢ ᠬᠠᠷᠭᠤᠭᠤᠯᠤᠨ ᠠᠵᠢᠯ ᠤᠨ ᠬᠢᠨᠠᠯᠲᠠ ᠲᠠᠯᠪᠢᠬᠤ ᠪᠠᠨ

ᠴᠢᠩᠭᠠᠳᠬᠠᠵᠤ᠂ ᠬᠢᠨᠠᠨ ᠪᠠᠶᠢᠴᠠᠭᠠᠭᠳᠠᠬᠤ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ︽ᠬᠠᠯᠬᠠᠪᠴᠢ ᠶᠢᠨ ᠪᠠᠶᠢᠭᠤᠯᠤᠯᠲᠠ︾᠎ ᠳᠤ ᠦᠢᠯᠡᠴᠢᠯᠡᠪᠡ᠃ ︽ᠪᠦᠭᠦ ᠡᠯᠧᠮᠧᠨ᠋ᠲ ᠪᠦᠭᠦ ᠲᠠᠯ᠎ᠠ ᠪᠠᠷ ᠵᠠᠰᠠᠬᠤ

ᠪᠠᠶᠢᠷᠢᠰᠢᠯ ᠢ ᠪᠤᠢ ᠪᠤᠯᠭᠠᠬᠤ᠂ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ ᠢ ᠪᠤᠢ ᠪᠤᠯᠭᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ

ᠲᠣᠭᠲᠠᠴᠠ ᠶᠢ ᠪᠤᠢ ᠪᠤᠯᠭᠠᠬᠤ︾ ᠱᠠᠭᠠᠷᠳᠠᠯᠭ᠎ᠠ ᠶᠢᠨ ᠲᠣᠭᠤᠷᠢᠨ ᠳᠤ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠠᠬᠢ ᠲᠣᠪᠣᠶᠢᠮ᠎ᠠ ᠵᠥᠷᠢᠴᠡᠯ ᠪᠠ

ᠴᠢᠬᠤᠯᠠ ᠶᠡᠭᠡ ᠠᠰᠠᠭᠤᠳᠠᠯ ᠢ ᠴᠢᠩᠭ᠎ᠠ ᠠᠩᠬᠠᠷᠴᠤ᠂ ᠬᠢᠨᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠂ ︽ᠭᠤᠷᠪᠠ ᠶᠢ ᠪᠤᠢ

ᠪᠤᠯᠭᠠᠬᠤ︾᠎ ᠳᠤ ᠦᠢᠯᠡᠴᠢᠯᠡᠪᠡ᠃ ᠠᠮᠢ ᠠᠬᠤᠢ ᠶᠢᠨ ︽ᠪᠦᠭᠦ ᠡᠯᠧᠮᠧᠨ᠋ᠲ︾᠎ ᠲᠤ ᠬᠢᠨᠠᠨ ᠪᠠᠶᠢᠴᠠᠭᠠᠯᠲᠠ ᠥᠷᠨᠢᠭᠦᠯᠬᠦ ᠳᠡᠭᠡᠨ ᠲᠠᠯ᠎ᠠ ᠨᠤᠲᠤᠭ ᠣᠢ ᠰᠢᠭᠤᠢ᠂

ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ᠂ ᠲᠠᠷᠢᠶᠠᠨ ᠭᠠᠵᠠᠷ᠂ ᠡᠯᠡᠰᠦᠷᠬᠡᠭᠵᠢᠭᠰᠡᠨ ᠴᠦᠯᠯᠡᠷᠭᠡᠭᠵᠢᠭᠰᠡᠨ ᠭᠠᠵᠠᠷ ᠰᠢᠷᠣᠢ ᠶᠢᠨ ᠠᠮᠢ ᠠᠬᠤᠢ ᠶᠢ ᠬᠠᠮᠠᠭᠠᠯᠠᠨ

ᠰᠡᠷᠭᠦᠭᠡᠬᠦ᠂ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠳᠤᠯ ᠢ ᠰᠡᠷᠭᠡᠶᠢᠯᠡᠨ ᠵᠠᠰᠠᠬᠤ᠂ ᠠᠵᠤ ᠦᠢᠯᠡᠰ ᠦᠨᠪᠤᠭᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ

ᠬᠥᠭᠵᠢᠯᠲᠡ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ

ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠪᠠᠶᠢᠳᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠪᠠ ᠬᠠᠯᠬᠠᠪᠴᠢ ᠶᠢᠨ ᠠᠯᠪᠠᠨ ᠭᠡᠷ ᠤᠨ

ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠵᠡᠷᠭᠡ ᠡᠯᠧᠮᠧᠨ᠋ᠲ ᠢ ᠪᠦᠭᠦᠨ ᠢ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠪᠦᠭᠦ ᠣᠷᠣᠨ ᠤ ︽ᠶᠡᠭᠡ ᠠᠮᠢ

ᠠᠬᠤᠢ︾᠎ ᠶᠢ ᠰᠠᠶᠢᠲᠤᠷ ᠬᠠᠮᠠᠭᠠᠯᠠᠬᠤ ᠠᠵᠢᠯ ᠢ ᠦᠨᠡᠨ ᠬᠦ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠷᠴᠢᠨ ᠲᠣᠭᠤᠷᠢᠨ ᠤ ᠪᠣᠬᠢᠷᠳᠤᠯ ᠢ ᠬᠢᠨᠠᠨ

ᠪᠠᠶᠢᠴᠠᠭᠠᠬᠤ ᠪᠠᠷ ᠭᠤᠣᠯᠳᠠᠯᠭ᠎ᠠ ᠪᠤᠯᠭᠠᠵᠤ ᠪᠠᠶᠢᠭᠰᠠᠨ ᠠᠴᠠ ᠠᠮᠢ ᠠᠬᠤᠢ ᠶᠢᠨ ᠰᠢᠰᠲ᠋ᠧᠮ ᠢ ᠬᠢᠨᠠᠨ ᠪᠠᠶᠢᠴᠠᠭᠠᠬᠤ ᠬᠢᠭᠡᠳ ᠪᠣᠬᠢᠷᠳᠤᠯ ᠢ ᠰᠡᠷᠭᠡᠶᠢᠯᠡᠨ ᠵᠠᠰᠠᠬᠤ ᠶᠢ

ᠪᠦᠷᠢᠨ ᠪᠦᠷᠬᠦᠭᠦᠯᠬᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠪᠡ᠃

      ᠬᠢᠨᠠᠨ ᠪᠠᠶᠢᠴᠠᠭᠠᠯᠲᠠ ᠳᠤ᠂ 4 ᠬᠤᠳᠠ ᠶᠢᠨ ᠬᠢᠨ ᠢᠮᠠᠭᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠦᠨᠳᠦᠰᠦᠨ

ᠵᠢᠷᠤᠮᠯᠠᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ

ᠴᠣᠭᠴᠠᠯᠠᠬᠤ ᠶᠢ ᠡᠷᠬᠡᠪᠰᠢ ᠪᠠᠲᠤ ᠴᠡᠭᠡᠵᠢᠯᠡᠬᠦ ︽ᠤᠯᠤᠰ ᠤᠨ ᠶᠡᠭᠡ ᠶᠠᠪᠤᠳᠠᠯ︾ ᠪᠤᠯᠭᠠᠵᠤ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ

ᠡᠷᠴᠢᠮ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠠᠬᠢᠴᠠ ᠲᠠᠢ ᠪᠤᠯᠬᠤ ᠶᠢ

ᠠᠬᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ

ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃

      ᠬᠢᠨᠠᠨ ᠪᠠᠶᠢᠴᠠᠭᠠᠯᠲᠠ ᠳᠤ᠂ 4 ᠬᠤᠲᠠ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠦᠨᠳᠦᠰᠦᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠱᠠᠯᠠᠪᠳᠠᠨ

ᠰᠤᠳᠤᠯᠤᠨ ᠲᠣᠭᠲᠠᠭᠠᠵᠤ᠂ 30 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ

ᠬᠦᠷᠭᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠲᠥᠰᠥᠯ ᠪᠣᠯᠣᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠯᠭ᠎ᠠ ᠶᠣᠰᠣᠭᠠᠷ

ᠨᠡᠶᠢᠭᠡᠮ ᠳᠤ ᠢᠯᠡ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ ᠤᠨ ᠡᠳᠤᠷ ᠤᠨ ᠰᠤᠨᠢᠨ