ᠬᠤᠸᠠᠩ ᡁᠢ ᠴᠢᠶᠠᠩ ᠳ᠋ᠠᠶᠢᠲ᠋ᠠ ᠶᠢᠨ ᠲᠥᠪ ᠤᠨ ᠴᠠᠬᠢᠯᠭᠠᠨ ᠬᠦᠴᠦᠨ ᠤ ᠬᠠᠩᠭᠠᠯᠭ᠎ᠠ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠬᠤ ᠳᠤ ᠪᠠᠨ ᠵᠢᠭᠠᠵᠤ ᠭᠠᠷᠭᠠᠭᠰᠠᠨ ᠨᠢ ᠪᠣᠳᠣᠬᠤ ᠬᠦᠴᠦᠨ ᠴᠠᠬᠢᠯᠭᠠᠨ ᠬᠦᠴᠦᠨ ᠢ ᠬᠠᠮᠵᠢᠯᠴᠠᠭᠤᠯᠤᠨ ᠪᠠᠶᠢᠷᠢᠰᠢᠭᠤᠯᠬᠤ ᠶᠢ ᠰᠠᠶᠢᠲᠤᠷ ᠨᠢᠭᠡᠳᠦᠯᠲᠡᠢ ᠲᠥᠯᠥᠪᠯᠡᠵᠦ ᠭᠦᠢᠴᠡᠳ ᠲᠣᠭᠲᠠᠭᠤᠨ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2024/4/9

      4 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2᠎ ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠬᠡᠬᠤᠲᠠ ᠪᠠ ᠤᠯᠠᠭᠠᠨᠴᠠᠪ ᠲᠤ ᠳ᠋ᠠᠶᠢᠲ᠋ᠠ ᠶᠢᠨ

ᠲᠥᠪ ᠤᠨ ᠴᠠᠬᠢᠯᠭᠠᠨ ᠬᠦᠴᠦᠨ ᠤ ᠬᠠᠩᠭᠠᠯᠭ᠎ᠠ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃

      ᠬᠤᠸᠠᠩ ᡁᠢ ᠴᠢᠶᠠᠩ ᠬᠤᠸᠠ ᠸᠧᠢ ᠲᠣᠮᠣ ᠳ᠋ᠠᠶᠢᠲ᠋ᠠ ᠶᠢᠨ ᠲᠥᠪ᠂ ᠺᠤᠸᠠᠢ ᠱᠧᠦ ᠣᠶᠤᠨᠲᠤ ᠡᠭᠦᠯᠡᠨ ᠳ᠋ᠠᠶᠢᠲ᠋ᠠ ᠶᠢᠨ ᠲᠥᠪ᠂ ᠰᠠᠨᠰᠢᠶᠠ ︽ᠡᠭᠦᠰᠬᠡᠭᠴᠢ ᠲᠣᠣᠷ

ᠳᠠᠭᠠᠭᠠᠴᠠ ᠨᠥᠭᠡᠴᠡ︾᠎ ᠶᠢᠨ ᠲᠤᠷᠰᠢᠯᠲᠠ ᠶᠢᠨ ᠰᠠᠭᠤᠷᠢᠨ᠂ ᠬᠤᠸᠠ ᠳ᠋ᠢᠶᠠᠨ ᠰᠢᠨ᠎ᠡ ᠡᠨᠧᠷᠭᠢ ᠶᠢᠨ ᠡᠵᠡᠩᠨᠡᠯᠲᠡ ᠶᠢᠨ ᠲᠥᠪ᠂ ᠤᠯᠠᠭᠠᠨᠴᠠᠪ ᠤᠨ ᠴᠠᠬᠢᠯᠭᠠᠨ

ᠲᠣᠣᠷ ᠤᠨ ᠲᠣᠬᠢᠷᠠᠭᠤᠯᠭ᠎ᠠ ᠡᠵᠡᠮᠳᠡᠯ ᠤᠨ ᠲᠥᠪ ᠵᠡᠷᠭᠡ ᠶᠢ ᠲᠣᠭᠤᠷᠢᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠮᠠᠨ ᠤ ᠣᠷᠣᠨ ᠤ ᠳ᠋ᠢᠵᠢᠲ᠋ᠠᠯ ᠠᠵᠤ ᠠᠬᠤᠢ ᠶᠠᠭ

ᠲᠦᠷᠭᠡᠨ ᠬᠥᠭᠵᠢᠯᠲᠡ ᠶᠢᠨ ᠴᠠᠭ ᠲᠤ ᠪᠠᠨ ᠣᠷᠣᠭᠠᠳ ᠪᠠᠶᠢᠨ᠎ᠠ᠂ ᠳ᠋ᠠᠶᠢᠲ᠋ᠠ ᠶᠢᠨ ᠲᠥᠪ ᠤᠨ ᠬᠡᠪᠴᠢᠶᠡᠵᠢᠭᠰᠡᠨ᠂ ᠡᠷᠴᠢᠮᠵᠢᠭᠰᠡᠨ᠂ ᠪᠣᠬᠢᠷᠲᠤᠯ ᠦᠭᠡᠢ ᠬᠥᠭᠵᠢᠯᠲᠡ ᠨᠢ

ᠨᠠᠶᠢᠳᠠᠪᠤᠷᠢᠲᠠᠢ᠂ ᠬᠢᠮᠳᠠ ᠪᠠ ᠪᠣᠬᠢᠷᠲᠤᠯ ᠦᠭᠡᠢ ᠴᠠᠬᠢᠯᠭᠠᠨ ᠤ ᠲᠤᠰᠠᠯᠠᠮᠵᠢ ᠠᠴᠠ ᠰᠠᠯᠵᠤ ᠴᠢᠳᠠᠬᠤ ᠦᠭᠡᠢ ᠶᠤᠮ᠃ ᠬᠡᠷᠡᠭᠴᠡᠭᠡ ᠪᠠᠷ ᠬᠥᠲᠥᠯᠥᠭᠦᠯᠬᠦ᠂ ᠵᠣᠬᠢᠰᠲᠠᠢ

ᠤᠷᠢᠲᠠᠭᠤᠯᠬᠤ ᠶᠢ ᠪᠠᠷᠢᠮᠲᠠᠯᠠᠵᠤ᠂ ᠪᠣᠳᠣᠬᠤ ᠬᠦᠴᠦᠨ ᠴᠠᠬᠢᠯᠭᠠᠨ ᠬᠦᠴᠦᠨ ᠢ ᠬᠠᠮᠵᠢᠯᠴᠠᠭᠤᠯᠤᠨ ᠪᠠᠶᠢᠷᠢᠰᠢᠭᠤᠯᠬᠤ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂

ᠳ᠋ᠠᠶᠢᠲ᠋ᠠ ᠶᠢᠨ ᠲᠥᠪ ᠤᠨ ᠴᠠᠬᠢᠯᠭᠠᠨ ᠲᠣᠣᠷ ᠴᠠᠬᠢᠯᠭᠠᠨ ᠡᠭᠦᠰᠬᠡᠭᠴᠢ ᠶᠢᠨ ᠲᠥᠯᠥᠪᠯᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳ᠋ᠠᠶᠢᠲ᠋ᠠ ᠶᠢᠨ ᠲᠥᠪ

ᠪᠠ ︽ᠡᠭᠦᠰᠬᠡᠭᠴᠢ ᠲᠣᠣᠷ ᠳᠠᠭᠠᠭᠠᠴᠠ ᠨᠥᠭᠡᠴᠡ︾᠎ ᠶᠢᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂

ᠪᠣᠬᠢᠷᠲᠤᠯ ᠦᠭᠡᠢ ᠴᠠᠬᠢᠯᠭᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠳ᠋ᠠᠶᠢᠲ᠋ᠠ ᠶᠢᠨ ᠲᠥᠪ ᠢ ᠢᠳᠡᠪᠬᠢᠲᠡᠢ ᠣᠷᠣᠯᠴᠠᠭᠤᠯᠬᠤ ᠪᠠᠷ ᠵᠣᠷᠢᠭᠵᠢᠭᠤᠯᠵᠤ᠂ ᠪᠦᠬᠦ

ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠬᠤ ᠬᠦᠴᠦᠨ ᠤ ᠰᠦᠯᠵᠢᠶᠡᠨ ᠤ ᠬᠦᠢᠰᠦ ᠶᠢ ᠰᠠᠶᠢᠲᠤᠷ ᠪᠠᠶᠢᠭᠤᠯᠬᠤ ᠳᠤ ᠭᠦᠢᠴᠡᠳ ᠲᠣᠭᠲᠠᠭᠤᠨ ᠴᠠᠬᠢᠯᠭᠠᠨ

ᠬᠦᠴᠦᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ