| ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ᠂ ᠮᠠᠨ ᠤ ᠣᠷᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠪᠠ | ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ | ᠴᠡᠭᠴᠡᠯᠡᠨ ᠵᠠᠰᠠᠬᠤ ᠲᠤᠷᠰᠢᠯᠲᠠ ︵ᠳᠣᠷᠣᠭᠰᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ | ᠵᠦᠢᠯ ᠤᠨ ᠲᠤᠷᠰᠢᠯᠲᠠ︾ ᠭᠡᠵᠦ ᠲᠣᠪᠴᠢᠯᠠᠪᠠ︶ ᠶᠢᠨ ᠠᠵᠢᠯ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠠᠷᠯᠠᠨ ᠰᠠᠶᠢᠰᠢᠶᠠᠪᠠ᠃ ᠣᠳᠣᠬᠠᠨ ᠳᠤ᠂ ᠮᠠᠨ ᠤ | ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠡᠭᠦᠷᠭᠡ ᠪᠠᠨ | ᠦᠨᠳᠦᠰᠦᠨ ᠳᠤ ᠪᠠᠨ ᠪᠡᠶᠡᠯᠡᠭᠦᠯᠵᠦ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ | ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠲᠤᠷᠰᠢᠯᠲᠠ ᠶᠢᠨ ᠠᠵᠢᠯ ᠤᠨ ᠠᠬᠢᠴᠠ 98% ᠠᠴᠠ ᠳᠡᠭᠡᠭᠰᠢ ᠳᠤ ᠬᠦᠷᠴᠦ᠂ ᠬᠥᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾ ᠶᠢᠨ ᠠᠬᠢᠴᠠ ᠴᠥᠮ ᠪᠥᠬᠦ ᠤᠯᠤᠰ ᠲᠤ ᠲᠡᠷᠢᠭᠦᠯᠡᠪᠡ᠃ | ᠬᠢᠩᠭᠠᠨ ᠠᠶᠢᠮᠠᠭ ᠤᠨ ᠤᠯᠠᠭᠠᠨᠬᠤᠲᠠ ᠪᠥᠬᠦ ᠤᠯᠤᠰ ᠤᠨ ᠠᠩᠬᠠᠳᠠᠭᠴᠢ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ | ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠦᠭᠰᠡᠨ ᠲᠤᠷᠰᠢᠯᠲᠠ ᠶᠢᠨ | ᠭᠠᠵᠠᠷ ᠣᠷᠣᠨ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ | ᠲᠤᠷᠰᠢᠯᠲᠠ︾ ᠶᠢᠨ ᠠᠵᠢᠯ ᠤᠨ ᠳᠤᠮᠳᠠ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠬᠡᠷᠡᠭᠯᠡᠵᠦ᠂ ᠬᠤᠲᠠ ᠶᠢᠨ | ᠬᠡᠪᠴᠢᠶᠡᠨ ᠳᠤ ᠪᠠᠯᠭᠠᠰᠤ ᠲᠣᠰᠬᠤᠨ ᠠᠯᠤᠰᠯᠠᠨ ᠰᠢᠯᠵᠢᠭᠦᠯᠦᠨ ᠥᠭᠬᠦ᠂ ᠬᠦᠷᠢᠶᠡᠨ ᠳᠤ ᠡᠷᠦᠬᠡ ᠰᠠᠯᠭᠠᠬᠤ᠂ ︽ᠭᠤᠷᠪᠠᠨ ᠡᠷᠬᠡ ᠶᠢ ᠰᠠᠯᠭᠠᠬᠤ︾ ᠶᠢ ᠳᠠᠩᠰᠠᠯᠠᠬᠤ | ᠵᠡᠷᠭᠡ ᠲᠤᠷᠰᠢᠯᠭ᠎ᠠ ᠠᠷᠭ᠎ᠠ ᠬᠢᠳᠡᠯ ᠢ ᠰᠢᠨ᠎ᠡ ᠶᠢ ᠡᠭᠦᠳᠦᠨ ᠰᠦᠪᠡᠭᠴᠢᠯᠡᠪᠡ᠃ ᠲᠣᠰ ᠬᠤᠲᠠ ᠨᠢ ᠪᠥᠬᠦ ᠣᠷᠣᠨ ᠳᠤ ᠠᠩᠬᠠᠳᠠᠭᠴᠢ ᠬᠥᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ ᠤᠨ ᠬᠢᠷᠢ ᠬᠡᠮ ᠤᠨ ᠡᠷᠬᠡ ᠶᠢᠨ ᠦᠨᠡᠮᠯᠡᠯ᠂ ᠠᠩᠬᠠᠳᠠᠭᠴᠢ ᠬᠥᠳᠡᠭᠡ ᠲᠣᠰᠬᠤᠨ ᠤ ᠭᠡᠷ ᠪᠠᠶᠢᠰᠢᠩ ︵ᠣᠷᠣᠨ ᠰᠠᠭᠤᠴᠠ ᠶᠢᠨ ᠭᠠᠵᠠᠷ︶ ᠤᠨ | ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠠᠷᠠᠯᠵᠢᠶᠠᠯᠠᠬᠤ ᠬᠢᠨᠠᠨ ᠲᠣᠭᠲᠠᠭᠠᠯᠲᠠ ᠶᠢᠨ ᠦᠨᠡᠮᠯᠡᠯ᠂ ᠠᠩᠬᠠᠳᠠᠭᠴᠢ ᠬᠥᠳᠡᠭᠡ ᠲᠣᠰᠬᠤᠨ ᠤ ᠥᠮᠴᠢᠯᠡᠯ ᠤᠨ | ᠡᠷᠬᠡ ᠶᠢᠨ ᠪᠤᠰᠤᠳ ᠵᠦᠢᠯ ᠤᠨ ᠡᠷᠬᠡ ᠶᠢᠨ ᠦᠨᠡᠮᠯᠡᠯ ᠢ ᠬᠠᠮᠤᠭ ᠤᠨ ᠲᠦᠷᠦᠭᠦᠨ ᠳᠤ ᠣᠯᠭᠤᠪᠠ᠃ ᠨᠡᠶᠢᠲᠡᠯᠡᠨ ᠬᠡᠷᠡᠭᠵᠢᠭᠦᠯᠦᠭᠰᠡᠨ ︽ᠤᠯᠠᠭᠠᠨᠬᠤᠲᠠ ᠶᠢᠨ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠨᠢ | ᠤᠯᠤᠰ ᠤᠨ ᠳᠦᠷᠢᠮ ᠤᠨ ᠪᠢᠴᠢᠭ ᠮᠠᠲ᠋ᠧᠷᠢᠶᠠᠯ ᠤᠳ ᠤᠨ ᠡᠮᠬᠢᠳᠬᠡᠯ ᠳᠤ ᠰᠣᠩᠭᠤᠭᠳᠠᠨ ᠣᠷᠣᠵᠠᠢ᠃ ᠤᠯᠠᠭᠠᠨᠬᠤᠲᠠ ᠪᠠᠰᠠ ᠪᠥᠬᠦ ᠤᠯᠤᠰ ᠤᠨ ᠣᠷᠣᠨ | ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠳᠠᠭᠠᠭᠠᠨ ᠡᠷᠭᠢᠯᠡᠵᠦ᠂ ᠪᠥᠬᠦ ᠤᠯᠤᠰ ᠤᠨ ᠬᠤᠶᠠᠷ ᠵᠦᠢᠯ ᠤᠨ | ᠲᠤᠷᠰᠢᠯᠲᠠ ᠶᠢᠨ ᠠᠵᠢᠯ ᠤᠨ ᠬᠤᠷᠠᠯ ᠳᠡᠭᠡᠷ᠎ᠡ ᠨᠡᠶᠢᠲᠡᠯᠢᠭ ᠶᠠᠷᠢᠶ᠎ᠠ ᠲᠠᠯᠪᠢᠵᠤ᠂ ᠣᠷᠣᠨ ᠰᠠᠭᠤᠴᠠ ᠶᠢᠨ ᠭᠠᠵᠠᠷ ᠤᠨ ᠣᠯᠠᠨ ᠵᠦᠢᠯ ᠤᠨ ᠦᠨ᠎ᠡ ᠥᠷᠲᠡᠭ ᠪᠠ | ᠴᠢᠳᠠᠮᠵᠢ ᠶᠢ ᠠᠭᠤᠳᠠᠯᠬᠤ ᠪᠠᠨ ᠲᠠᠰᠤᠷᠠᠯᠲᠠ ᠦᠭᠡᠢ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠪᠠ᠃ | ᠣᠶᠢᠯᠠᠭᠠᠭᠰᠠᠨ ᠢᠶᠠᠷ᠂ ᠮᠠᠨ ᠤ ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ | ᠵᠦᠢᠯ ᠤᠨ ᠲᠤᠷᠰᠢᠯᠲᠠ︾ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ︽ᠣᠷᠣᠨ ᠰᠠᠭᠤᠴᠠ ᠶᠢ ᠪᠠᠲᠤᠯᠠᠬᠤ᠂ ᠳᠤᠷ᠎ᠠ ᠪᠠᠷ ᠢᠶᠠᠨ ᠪᠠᠷᠢᠬᠤ ᠶᠢ ᠬᠠᠮᠢᠶᠠᠷᠬᠤ᠂ | ᠰᠤᠯᠠ ᠲᠠᠯᠪᠢᠭᠳᠠᠵᠤ ᠪᠠᠶᠢᠭ᠎ᠠ ᠶᠢ ᠰᠡᠷᠭᠦᠭᠡᠬᠦ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ᠂ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠬᠤᠭᠤᠰᠤᠨ ᠲᠣᠰᠬᠤᠨ︾ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠤᠳ ᠲᠠᠢ ᠤᠶᠠᠯᠳᠤᠭᠤᠯᠤᠨ | ᠨᠢᠭᠡᠳᠦᠯᠲᠡᠢ ᠲᠥᠯᠥᠪᠯᠡᠨ ᠠᠬᠢᠭᠤᠯᠪᠠ᠃ ᠣᠷᠣᠨ ᠰᠠᠭᠤᠴᠠ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠬᠢᠷᠢ ᠬᠡᠮ ᠤᠨ ᠡᠷᠬᠡ ᠶᠢ ᠪᠠᠲᠤᠯᠠᠬᠤ ᠲᠣᠭᠲᠠᠴᠠ᠂ ᠣᠷᠣᠨ | ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠦᠷᠢᠮ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠪᠠᠷᠢᠴᠠᠭᠠᠯᠠᠬᠤ | ᠳᠦᠷᠢᠮ᠂ ᠣᠷᠣᠨ ᠰᠠᠭᠤᠴᠠ ᠶᠢᠨ ᠭᠠᠵᠠᠷ ᠤᠨ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠲᠣᠭᠲᠠᠴᠠ᠂ ᠣᠷᠣᠨ ᠰᠠᠭᠤᠴᠠ ᠶᠢᠨ ᠭᠠᠵᠠᠷ ᠢ | ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠬᠠᠶᠢᠨ ᠰᠦᠪᠡᠭᠴᠢᠯᠡᠵᠦ᠂ ᠣᠷᠣᠨ ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠭᠦᠯᠬᠦ | ᠲᠣᠭᠲᠠᠴᠠ᠂ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠦᠨ᠂ ᠣᠷᠣᠨ ᠰᠠᠭᠤᠴᠠ ᠶᠢᠨ ᠭᠠᠵᠠᠷ ᠤᠨ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠣᠭᠲᠠᠴᠠ᠂ ᠣᠷᠣᠨ ᠰᠠᠭᠤᠴᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ ︽ᠲᠠᠪᠤ ᠶᠢ ᠬᠠᠶᠢᠨ | ᠰᠦᠪᠡᠭᠴᠢᠯᠡᠵᠦ᠂ ᠬᠤᠶᠠᠷ ᠢ ᠲᠡᠭᠦᠯᠳᠡᠷᠵᠢᠭᠦᠯᠦᠨ᠂ ᠬᠤᠶᠠᠷ ᠢ ᠪᠦᠷᠢᠨᠰᠢᠭᠦᠯᠬᠦ︾ ᠥᠭᠡᠷᠡᠴᠢᠯᠡᠯᠲᠡ ᠶᠢᠨ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠬᠠᠶᠢᠨ | ᠰᠦᠪᠡᠭᠴᠢᠯᠡᠵᠦ᠂ ᠬᠤᠷᠢᠭ᠎ᠠ ᠱᠤᠭᠤᠮ ᠢ ᠪᠠᠲᠤ ᠰᠠᠬᠢᠬᠤ ᠮᠥᠷᠲᠡᠭᠡᠨ ᠵᠣᠷᠢᠭᠲᠠᠢ ᠪᠠᠷ ᠰᠢᠨ᠎ᠡ ᠶᠢ ᠡᠭᠦᠳᠴᠦ᠂ ᠳᠦᠷᠢᠮ ᠤᠨ ᠪᠠᠶᠢᠭᠤᠯᠤᠯᠲᠠ᠂ ᠴᠢᠯᠦᠭᠡᠲᠡᠢ ᠠᠰᠢᠭᠯᠠᠬᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃ | ᠮᠠᠨ ᠤ ᠣᠷᠣᠨ ᠪᠠᠰᠠ ᠣᠷᠣᠨ ᠰᠠᠭᠤᠴᠠ ᠶᠢᠨ ᠭᠠᠵᠠᠷ ᠭᠤᠶᠤᠴᠢᠯᠠᠬᠤ ᠶᠢ ᠬᠢᠨᠠᠨ ᠵᠥᠪᠰᠢᠶᠡᠷᠡᠭᠦᠯᠬᠦ᠂ ᠰᠢᠯᠵᠢᠭᠦᠯᠦᠨ ᠡᠷᠭᠢᠯᠳᠦᠭᠦᠯᠬᠦ ᠠᠴᠠ ᠭᠠᠷᠬᠤ᠂ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠴᠢᠯᠦᠭᠡᠲᠡᠢ ᠠᠰᠢᠭᠯᠠᠬᠤ ᠵᠡᠷᠭᠡ ᠪᠥᠬᠦ ᠭᠤᠭᠴᠣᠭᠠᠨ ᠤ ᠲᠣᠭᠤᠷᠢᠨ ᠳᠤ | ᠪᠦᠷᠢᠨ ᠲᠥᠬᠦᠷ ᠳᠦᠷᠢᠮ ᠤᠨ ᠦᠷ᠎ᠡ ᠪᠦᠲᠦᠭᠡᠯ ᠲᠠᠢ ᠪᠣᠯᠪᠠ᠃ ᠡᠭᠦᠨ ᠤ ᠬᠠᠮᠲᠤ᠂ ᠨᠢᠭᠡ ᠪᠦᠯᠦᠭ ᠣᠷᠣᠨ ᠰᠠᠭᠤᠴᠠ ᠶᠢᠨ ᠭᠠᠵᠠᠷ ᠤᠨ ᠡᠬᠢ ᠪᠠᠶᠠᠯᠢᠭ ᠢ ᠰᠡᠷᠭᠦᠭᠡᠵᠦ᠂ | ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠬᠡᠯᠪᠡᠷᠢ᠂ ᠠᠵᠤ ᠦᠢᠯᠡᠰ ᠤᠨ ᠬᠥᠭᠵᠢᠯᠲᠡ ᠶᠢᠨ ᠬᠡᠯᠪᠡᠷᠢ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠡᠯᠪᠡᠷᠢ᠂ ᠬᠦᠷᠢᠶ᠎ᠡ | ᠬᠠᠰᠢᠶᠠᠨ ᠤ ᠠᠵᠤ ᠠᠬᠤᠢ ᠶᠢᠨ ᠬᠡᠯᠪᠡᠷᠢ ᠵᠡᠷᠭᠡ 4 ᠵᠦᠢᠯ ᠤᠨ ᠴᠢᠯᠦᠭᠡᠲᠡᠢ ᠠᠰᠢᠭᠯᠠᠬᠤ ᠵᠠᠭᠪᠤᠷ ᠢ ᠬᠠᠶᠢᠨ ᠰᠦᠪᠡᠭᠴᠢᠯᠡᠵᠦ᠂ 2.5 ᠳ᠋ᠦᠩᠰᠢᠭᠤᠷ ᠲᠥᠭᠦᠷᠢᠭ ᠤᠨ | ᠨᠡᠶᠢᠭᠡᠮ ᠤᠨ ᠬᠥᠷᠥᠩᠭᠡ ᠶᠢ ᠳᠠᠶᠢᠴᠢᠯᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠪᠠ᠃ | | | | |