| ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠵᠣᠨ ᠤ ᠠᠭᠠᠷ ᠠᠶᠠᠯᠠᠯ ᠤᠨ ᠤᠯᠠᠷᠢᠯ ᠳᠤ᠂ ᠥᠪᠥᠷ | ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠡᠳᠦᠷ ᠪᠦᠷᠢ ᠳᠤᠮᠳᠠᠴᠢ ᠪᠠᠷ 1023 ᠡᠭᠡᠯᠵᠢ ᠶᠢᠨ ᠨᠢᠰᠬᠡᠯ ᠢ ᠨᠢᠰᠬᠡᠬᠦ ᠪᠠᠷ ᠲᠥᠯᠥᠪᠯᠡᠵᠦ᠂ ᠨᠡᠶᠢᠲᠡ 40 | ᠠᠭᠠᠷ ᠠᠶᠠᠯᠠᠯ ᠤᠨ ᠺᠣᠮᠫᠠᠨᠢ ᠢ ᠡᠵᠡᠩᠨᠡᠯᠲᠡ ᠳᠤ ᠣᠷᠣᠯᠴᠠᠭᠤᠯᠤᠨ᠂ 320 ᠠᠭᠠᠷ ᠠᠶᠠᠯᠠᠯ ᠤᠨ ᠱᠤᠭᠤᠮ ᠢ ᠡᠵᠡᠩᠨᠡᠬᠦ ᠪᠠ 99 ᠬᠤᠲᠠᠨ ᠳᠤ ᠠᠭᠠᠷ ᠠᠶᠠᠯᠠᠯ | ᠨᠡᠪᠲᠡᠷᠡᠭᠦᠯᠬᠦ ᠪᠠᠷ ᠲᠥᠯᠥᠪᠯᠡᠵᠦ ᠪᠣᠶ᠃ | ᠵᠤᠨ ᠤ ᠠᠭᠠᠷ ᠠᠶᠠᠯᠠᠯ ᠤᠨ ᠤᠯᠠᠷᠢᠯ ᠢ ᠤᠭᠲᠤᠬᠤ ᠶᠢᠨ ᠲᠥᠯᠥᠭᠡ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠭᠤᠣᠯᠳᠠᠭᠤ | ᠤᠯᠤᠰ ᠤᠨ ᠠᠭᠠᠷ ᠠᠶᠠᠯᠠᠯ ᠤᠨ ᠺᠣᠮᠫᠠᠨᠢ᠂ ᠳᠣᠷᠣᠨᠠᠲᠤ ᠶᠢᠨ ᠠᠭᠠᠷ ᠠᠶᠠᠯᠠᠯ ᠤᠨ ᠺᠣᠮᠫᠠᠨᠢ᠂ ᠲᠢᠶᠠᠨᠵᠢᠨ ᠠᠭᠠᠷ ᠠᠶᠠᠯᠠᠯ ᠤᠨ ᠺᠣᠮᠫᠠᠨᠢ᠂ ᠴᠧᠩᠳᠦ᠋ ᠠᠭᠠᠷ | ᠠᠶᠠᠯᠠᠯ ᠤᠨ ᠺᠣᠮᠫᠠᠨᠢ᠂ ᠬᠤᠸᠠᠰᠢᠶᠠ ᠠᠭᠠᠷ ᠠᠶᠠᠯᠠᠯ ᠤᠨ ᠺᠣᠮᠫᠠᠨᠢ ᠵᠡᠷᠭᠡ ᠠᠭᠠᠷ ᠠᠶᠠᠯᠠᠯ ᠤᠨ ᠺᠣᠮᠫᠠᠨᠢ ᠨᠤᠭᠤᠳ ᠲᠠᠢ ᠤᠯᠠᠨ ᠡᠭᠡᠯᠵᠢᠨ ᠤ ᠵᠥᠪᠳᠡᠯᠴᠡᠭᠡ | ᠥᠷᠨᠢᠭᠦᠯᠵᠦ᠂ ᠴᠠᠭ ᠤᠨ ᠡᠬᠢ ᠪᠠᠶᠠᠯᠢᠭ ᠢ ᠠᠰᠢᠭᠯᠠᠬᠤ᠂ ᠲᠤᠬᠠᠢ ᠶᠢᠨ ᠲᠠᠯᠠᠪᠠᠢ ᠳᠠᠬᠢ ᠵᠥᠭᠡᠭᠡᠪᠦᠷᠢ ᠶᠢᠨ ᠬᠦᠴᠦᠨ ᠢ ᠳᠠᠲᠠᠨ ᠣᠷᠣᠭᠤᠯᠬᠤ᠂ ᠠᠶᠠᠯᠠᠯ ᠤᠨ | ᠱᠤᠭᠤᠮ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠲᠣᠬᠢᠷᠠᠯᠴᠠᠵᠤ᠂ ᠪᠦᠬᠦ ᠣᠷᠣᠨ ᠤ ᠰᠢᠨ᠎ᠡ ᠠᠭᠠᠷ ᠠᠶᠠᠯᠠᠯ ᠤᠨ ᠤᠯᠠᠷᠢᠯ ᠤᠨ | ᠠᠶᠠᠯᠠᠯ ᠤᠨ ᠱᠤᠭᠤᠮ ᠤᠨ ᠲᠣᠣᠷ ᠤᠨ ᠨᠡᠪᠲᠡᠷᠡᠯᠴᠡᠬᠦ ᠴᠢᠨᠠᠷ ᠢ ᠪᠦᠲᠦᠮᠵᠢᠲᠡᠢ ᠳᠡᠭᠡᠭᠰᠢᠯᠡᠭᠦᠯᠪᠡ᠃ ᠠᠭᠠᠷ ᠠᠶᠠᠯᠠᠯ ᠤᠨ ᠱᠤᠭᠤᠮ ᠤᠨ ᠪᠦᠲᠦᠴᠡ ᠶᠢᠨ ᠲᠠᠯ᠎ᠠ ᠪᠠᠷ᠂ | ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠤᠨ ᠭᠤᠷᠪᠠᠯᠵᠢᠨ ᠬᠤᠶᠢᠭ᠂ ᠴᠧᠩᠳᠦ᠋ ᠴᠦᠩᠴᠢᠩ ᠤᠨ | ᠬᠤᠲᠠ ᠶᠢᠨ ᠪᠥᠭᠡᠮᠨᠡᠷᠡᠯ ᠵᠢᠴᠢ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠨᠤᠭᠤᠳ ᠲᠤ ᠬᠦᠷᠬᠦ ᠡᠭᠡᠯᠵᠢ ᠶᠢᠨ ᠨᠢᠰᠬᠡᠯ ᠤᠨ ᠳᠠᠪᠲᠠᠮᠵᠢ ᠶᠢ ᠦᠷᠭᠦᠯᠵᠢᠯᠡᠨ | ᠨᠡᠮᠡᠭᠳᠡᠭᠦᠯᠦᠨ᠎ᠡ︔ ᠧᠨ ᠱᠢ᠂ ᠰᠢᠶᠠᠩ ᠶᠠᠩ᠂ ᠾᠧᠩ ᠶᠠᠩ᠂ ᠵᠦᠩ ᠸᠧᠢ᠂ ᠹᠦ᠋ ᠶᠠᠩ᠂ ᠬᠤᠢ ᠵᠧᠦ᠂ ᠵᠢᠢ ᠨᠢᠩ᠂ ᠶᠠᠨ ᠴᠧᠩ ᠵᠡᠷᠭᠡ ᠡᠭᠡᠯᠵᠢ ᠶᠢᠨ ᠨᠢᠰᠬᠡᠯ ᠢ | ᠰᠢᠨ᠎ᠡ ᠪᠠᠷ ᠨᠡᠮᠡᠨ᠎ᠡ︔ ︽ᠬᠥᠬᠡᠬᠤᠲᠠ ᠶᠢᠨ ᠰᠠᠯᠪᠤᠷᠢ︾ ᠡᠭᠡᠯᠵᠢ ᠶᠢᠨ ᠨᠢᠰᠬᠡᠯ ᠨᠦᠭᠦᠳ ᠤᠨ ᠳᠠᠪᠲᠠᠮᠵᠢ ᠶᠢ ᠰᠢᠯᠢᠳᠡᠭᠵᠢᠭᠦᠯᠵᠦ᠂ ᠡᠳᠦᠷ ᠪᠦᠷᠢ ᠶᠢᠨ ᠳᠤᠮᠳᠠᠴᠢ | ᠡᠭᠡᠯᠵᠢ ᠶᠢᠨ ᠨᠢᠰᠬᠡᠯ ᠤᠨ ᠲᠤᠭ᠎ᠠ ᠶᠢ 77 ᠡᠭᠡᠯᠵᠢ ᠳᠤ ᠬᠦᠷᠦᠭᠦᠯᠦᠨ᠎ᠡ︔ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠡᠮᠬᠢ | ᠳᠠᠷᠠᠭᠠᠯᠠᠯ ᠲᠠᠢ ᠪᠠᠷ ᠰᠡᠷᠭᠦᠭᠡᠨ᠂ ᠤᠯᠠᠷᠢᠯ ᠰᠣᠯᠢᠭᠳᠠᠭᠰᠠᠨ ᠤ ᠲᠠᠷᠠᠭ᠎ᠠ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠨᠡᠶᠢᠳᠡ 6 | ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃ | ᠡᠭᠦᠨ ᠤ ᠬᠠᠮᠲᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠬᠥᠬᠡᠬᠤᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ | ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠤᠯᠠᠮ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢᠨ ᠵᠥᠭᠡᠭᠡᠪᠦᠷᠢᠯᠡᠬᠦ ᠬᠦᠴᠦᠨ ᠢ ᠣᠷᠣᠭᠤᠯᠤᠨ ᠠᠪᠴᠢᠷᠠᠬᠤ ᠪᠠᠨ | ᠲᠦᠷᠭᠡᠳᠬᠡᠨ᠂ ᠬᠥᠬᠡᠬᠤᠲᠠ = ᠵᠧᠩᠵᠧᠦ ᠶᠢᠨ ᠴᠤᠯᠤ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠭᠳᠡᠭᠦᠯᠵᠦ᠂ ᠡᠳᠦᠷ ᠪᠦᠷᠢ 1 ᠡᠭᠡᠯᠵᠢ ᠪᠠᠷ | ᠲᠥᠯᠥᠪᠯᠡᠵᠦ ᠪᠤᠢ︔ ᠬᠥᠬᠡᠬᠤᠲᠠ = ᠤᠯᠠᠭᠠᠨᠪᠠᠭᠠᠲᠤᠷ ᠤᠨ ᠣᠯᠠᠨ ᠤᠯᠤᠰ ᠤᠨ ᠴᠤᠯᠤ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠡᠷᠭᠦᠭᠡᠨ ᠡᠵᠡᠩᠨᠡᠵᠦ᠂ | ᠭᠠᠷᠠᠭ ᠲᠤ 3 ᠡᠭᠡᠯᠵᠢ ᠪᠠᠷ ᠲᠥᠯᠥᠪᠯᠡᠵᠦ ᠪᠣᠶ︔ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠲᠣᠮᠣ ᠬᠡᠯᠪᠡᠷᠢ ᠶᠢᠨ ᠪᠠᠷᠠᠭᠠᠨ ᠤ ᠨᠢᠰᠬᠡᠯ ᠤᠨ ᠬᠠᠷᠢᠴᠠᠯ ᠢ | ᠥᠰᠬᠡᠵᠦ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠴᠢᠳᠠᠮᠵᠢ ᠶᠢᠨ ᠲᠦᠪᠰᠢᠨ ᠢ ᠨᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | | | | |