ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ 24 ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠵᠦ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠳᠡᠮᠵᠢᠪᠡ
ᠨᠡᠶᠢᠲᠡᠯᠡᠭᠰᠡᠨ ᠴᠠᠭ᠄
2024/4/9

      ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤᠯᠤᠰ ᠤᠨ ᠲᠡᠮᠦᠷ ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ

ᠠᠭᠠᠷ ᠠᠶᠠᠯᠠᠯ ᠤᠨ ᠲᠣᠪᠴᠢᠶ᠎ᠠ᠂ ᠤᠯᠤᠰ ᠤᠨ ᠰᠢᠤᠳᠠᠨ ᠤ ᠲᠣᠪᠴᠢᠶ᠎ᠠ᠂ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ

 ᠯᠤᠭ᠎ᠠ ᠬᠠᠮᠲᠤᠷᠠᠨ ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠥᠪᠥᠷ ᠮᠣᠩᠭᠤᠯ ᠤᠨ ︿ᠲᠠᠪᠤᠨ ᠶᠡᠭᠡ

ᠡᠭᠦᠷᠭᠡ﹀᠎ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠪᠠ︶᠎ ᠢ

ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ

ᠰᠠᠶᠢᠲᠤᠷ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠴᠢᠩᠭ᠎ᠠ ᠬᠦᠴᠦᠲᠡᠢ ᠵᠠᠮ ᠬᠠᠷᠢᠯᠴᠠᠭ᠎ᠠ

ᠲᠡᠭᠡᠭᠡᠪᠦᠷᠢ ᠶᠢᠨ ᠪᠠᠲᠤᠯᠠᠭ᠎ᠠ ᠬᠠᠩᠭᠠᠪᠠ᠃

     ︽ᠬᠡᠷᠡᠭᠵᠢᠭᠦᠯᠬᠦ ᠰᠠᠨᠠᠯ︾ ᠎ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ

ᠶᠠᠪᠤᠳᠠᠯ ᠤᠨ ᠬᠤᠷᠢᠶᠠᠨ ᠤ ᠰᠠᠨᠠᠯ︾ ᠪᠠ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠣᠳᠠᠲᠠᠢ ᠡᠭᠦᠷᠭᠡ ᠶᠢ

ᠨᠠᠷᠢᠯᠢᠭᠵᠢᠭᠤᠯᠤᠨ ᠪᠣᠳᠠᠲᠠᠶᠢᠵᠢᠭᠤᠯᠵᠠᠢ᠃ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠲᠦᠷᠭᠡᠨ ᠪᠠᠶᠢᠭᠤᠯᠬᠤ᠂

ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠳᠤ ᠦᠢᠯᠡᠴᠢᠯᠡᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ

ᠠᠬᠢᠭᠤᠯᠬᠤ ᠳᠤ ᠬᠦᠴᠦᠨ ᠨᠡᠮᠡᠷᠢᠯᠡᠬᠦ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ᠂ ᠵᠠᠮ ᠬᠠᠷᠢᠯᠴᠠᠭ᠎ᠠ

ᠲᠡᠭᠡᠭᠡᠪᠦᠷᠢ ᠶᠢᠨ ᠣᠶᠤᠨᠲᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠨ ᠠᠬᠢᠭᠤᠯᠬᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠬᠤ

ᠵᠡᠷᠭᠡ 6 ᠲᠠᠯ᠎ᠠ ᠠᠴᠠ 24 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠴᠠᠢ᠃ ᠡᠭᠦᠨ ᠤ ᠬᠠᠮᠲᠤ ᠮᠠᠨ ᠤ ᠣᠷᠣᠨ ᠤ ᠤᠯᠤᠰ ᠤᠨ ᠳᠡᠭᠡᠳᠦ ᠬᠤᠷᠳᠤ ᠶᠢᠨ ᠵᠠᠰᠠᠮᠠᠯ

ᠵᠠᠮ᠂ ᠤᠯᠤᠰ ᠤᠨ ᠡᠩ ᠤᠨ ᠵᠠᠰᠠᠮᠠᠯ ᠵᠠᠮ᠂ ᠬᠢᠯᠢ ᠳᠠᠭᠠᠤ ᠶᠢᠨ ᠵᠠᠰᠠᠮᠠᠯ ᠵᠠᠮ᠂ ᠲᠡᠮᠦᠷ ᠵᠠᠮ ᠪᠠ ᠨᠢᠰᠬᠡᠯ ᠤᠨ ᠪᠠᠭᠤᠳᠠᠯ ᠵᠡᠷᠭᠡ ᠴᠢᠬᠤᠯᠠ ᠶᠡᠭᠡ ᠲᠥᠰᠥᠯ ᠤᠳ ᠢ

ᠳᠡᠮᠵᠢᠬᠦ ᠪᠠᠨ ᠡᠷᠴᠢᠮᠵᠢᠭᠦᠯᠪᠡ᠃

      ︽ᠬᠡᠷᠡᠭᠵᠢᠭᠦᠯᠬᠦ ᠰᠠᠨᠠᠯ︾᠎ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ

ᠲᠢᠩᠬᠢᠮ ᠲᠥᠷᠥ ᠶᠢᠨ ᠪᠣᠳᠣᠯᠭ᠎ᠠ ᠨᠡᠶᠢᠲᠡᠯᠡᠭᠰᠡᠨ ᠠᠴᠠ ᠬᠡᠷᠡᠭᠵᠢᠭᠦᠯᠦᠭᠳᠡᠬᠦ ᠬᠦᠷᠲᠡᠯᠡᠬᠢ ᠬᠤᠭᠤᠴᠠᠭ᠎ᠠ ᠶᠢ ᠠᠳᠬᠤᠨ᠂ ︽ᠲᠠᠪᠤᠨ ᠶᠡᠭᠡ ᠡᠭᠦᠷᠭᠡ︾᠎ ᠳᠤ

ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ᠶᠠᠮᠤᠨ ᠵᠥᠪᠯᠡᠯ ᠳᠤ ᠬᠠᠷᠢᠭᠤ ᠮᠡᠳᠡᠭᠦᠯᠵᠦ

ᠵᠣᠯᠭᠠᠭᠤᠯᠬᠤ ᠪᠠᠨ ᠦᠷᠭᠦᠯᠵᠢᠯᠡᠨ ᠡᠷᠴᠢᠮᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠬᠡᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ

ᠬᠤᠪᠢᠷᠠᠭᠤᠯᠵᠤ ᠪᠣᠢ᠃ ᠲᠥᠰᠥᠯ ᠤᠨ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ᠂ ᠪᠣᠳᠠᠲᠠᠢ᠂ ᠭᠦᠨᠵᠡᠭᠡᠢ ᠬᠢᠵᠦ᠂ ᠲᠥᠰᠥᠯ ᠤᠨ ᠪᠦᠲᠦᠭᠡᠨ ᠪᠠᠶᠢᠭᠤᠯᠤᠯᠲᠠ ᠶᠢ

ᠡᠬᠢᠯᠡᠭᠦᠯᠵᠦ ᠳᠡᠶᠢᠯᠬᠦ ᠶᠢ ᠨᠢ ᠪᠦᠬᠦᠨ ᠢ ᠡᠬᠢᠯᠡᠭᠦᠯᠵᠦ᠂ ᠡᠷᠲᠡᠯᠡᠵᠦ ᠳᠡᠶᠢᠯᠬᠦ ᠶᠢ ᠨᠢ ᠪᠥᠬᠦᠨ ᠢ ᠡᠷᠲᠡᠯᠡᠭᠦᠯᠵᠦ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ

ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠲᠡᠢ ᠲᠤᠰᠠᠯᠠᠮᠵᠢ ᠬᠠᠩᠭᠠᠵᠤ

ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ