ᠤᠷᠠᠨ ᠬᠠᠶᠢᠴᠢᠯᠠᠮᠠᠯ ᠤᠴᠢᠷᠲᠠᠢ ᠬᠢᠴᠢᠶᠡᠯᠡᠯᠭᠡ
  
2024/5/8
        ᠤᠶᠢᠷ᠎ᠠ ᠳᠤ᠂ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤ ᠶᠢᠨ ᠳ᠋ᠦᠩ ᠬᠠᠢ ᠰᠢᠨ ᠼᠦᠨ ᠲᠤᠰᠬᠤᠨ ᠤ《 ᠵᠤᠤ ᠳ᠋ᠠ ᠵᠢᠶᠠᠨ》ᠴᠠᠭᠠᠰᠤᠨ ᠬᠠᠶᠢᠴᠢᠯᠠᠮᠠᠯ ᠤᠨ ᠰᠤᠶᠤᠯ ᠤᠨ ᠬᠦᠷᠢᠶᠡᠯᠡᠩ ᠨᠢ ᠬᠡᠦᠬᠡᠳ ᠪᠠᠭᠰᠢ ᠪᠤᠯᠤᠨ ᠬᠡᠷ ᠤᠨ ᠠᠬᠠᠮᠠᠳ ᠢᠶᠠᠷ ᠪᠦᠷᠢᠯᠳᠦᠭᠰᠡᠨ 190 ᠭᠠᠷᠦᠢ ᠬᠦᠮᠦᠨ ᠤ ᠵᠤᠭᠠᠴᠠᠭᠰᠠᠳ ᠤᠨ ᠪᠦᠯᠬᠦᠮ ᠢᠶᠠᠨ ᠤᠭᠲᠤᠨ ᠠᠪᠤᠯ᠎ᠠ᠃ ᠬᠡᠦᠬᠡᠳ ᠤᠳ ᠪᠠᠭᠰᠢ ᠪᠤᠯᠤᠨ ᠬᠡᠷ ᠤᠨ ᠠᠬᠠᠮᠠᠳ ᠤᠨ ᠳᠠᠭᠠᠭᠤᠯᠭ᠎ᠠ ᠳᠤᠤᠷ᠎ᠠ ᠵᠤᠤ ᠮᠧᠢ ᠯᠢᠩ ᠤᠨ ᠴᠠᠭᠠᠰᠤᠨ ᠬᠠᠶᠢᠴᠢᠯᠠᠮᠠᠯ ᠬᠢᠬᠦ᠂ ᠭᠤᠯᠢᠷ ᠨᠤᠬᠤᠵᠤ ᠪᠠᠷᠢᠮᠠᠯ ᠪᠠᠷᠢᠬᠤ ᠭᠠᠷ ᠤᠷᠠᠯᠠᠯ ᠢ ᠰᠤᠷᠤᠯᠴᠠᠬᠤ ᠶᠢᠨ ᠬᠠᠮᠲᠤ ᠬᠠᠭᠤᠴᠢᠨ ᠤ ᠡᠳ᠋ ᠬᠡᠷᠡᠭᠰᠡᠯ ᠢ ᠰᠤᠨᠢᠷᠬᠠᠵᠤ᠂ ᠬᠥᠳᠡᠭᠡ ᠲᠤᠰᠬᠤᠨ ᠤ ᠠᠮᠢᠳᠤᠷᠠᠯ ᠢ ᠪᠡᠶᠡᠴᠢᠯᠡᠨ ᠣᠶᠢᠯᠭᠠᠵᠤ ᠪᠠᠶᠢᠯ᠎ᠠ᠃ 

        ᠵᠤᠤ ᠮᠧᠢ ᠯᠢᠩ ᠪᠤᠯ ᠥᠪᠡᠷᠲᠡᠭᠡᠨ ᠵᠠᠰᠠᠬᠤ ᠤᠷᠤᠨ ᠤ

ᠲᠡᠰ ᠤᠨ ᠴᠠᠭᠠᠰᠤᠨ ᠬᠠᠶᠢᠴᠢᠯᠠᠮᠠᠯ ᠤᠨ ᠭᠠᠷ ᠤᠷᠠᠯᠠᠯ ᠤᠨ

ᠪᠤᠳᠠᠰ ᠤᠨ ᠪᠤᠰᠤ ᠰᠤᠶᠤᠯ ᠤᠨ ᠥᠪ ᠎ ᠤᠨ ᠥᠪᠯᠡᠨ ᠤᠯᠠᠮᠵᠢᠯᠠᠭᠴᠢ

ᠪᠤᠯᠤᠨ᠎ᠠ᠃ ᠲᠡᠷ᠎ᠡ ᠴᠠᠭᠠᠰᠤᠨ ᠬᠠᠶᠢᠴᠢᠯᠠᠮᠠᠯ ᠢᠶᠠᠷ

ᠠᠴᠢᠶᠠᠯᠠᠪᠦᠷᠢ ᠪᠤᠯᠭᠠᠵᠤ ᠰᠤᠷᠤᠯᠴᠠᠯᠭ᠎ᠠ᠂  ᠰᠤᠳᠤᠯᠭ᠎ᠠ᠂

ᠦᠢᠯᠡᠳᠦᠯᠭᠡ᠂ ᠵᠤᠭᠠᠴᠠᠨ ᠲᠤᠭᠤᠷᠢᠬᠤ ᠶᠢ ᠨᠢᠭᠡ

ᠴᠤᠭᠴᠠᠵᠢᠭᠤᠯᠤᠭᠰᠠᠨ ᠴᠠᠭᠠᠰᠤᠨ ᠬᠠᠶᠢᠴᠢᠯᠠᠮᠠᠯ ᠤᠨ

ᠰᠤᠶᠤᠯ ᠤᠨ ᠬᠦᠷᠢᠶᠡᠯᠡᠩ ᠢ ᠪᠠᠶᠢᠭᠤᠯᠵᠤ᠂ ᠴᠠᠭᠠᠰᠤᠨ

ᠬᠠᠶᠢᠴᠢᠯᠠᠮᠠᠯ ᠤᠨ ᠭᠠᠷ ᠤᠷᠠᠯᠠᠯ ᠢ ᠤᠯᠠᠨ ᠳᠤ ᠲᠠᠨᠢᠭᠤᠯᠵᠤ

ᠪᠠᠶᠢᠨ᠎ᠠ᠃      

 

  0000..1.jpg

0000....11.jpg

00000....3.jpg

0000....4.jpg

0000...5.jpg

0000...6.jpg

 

  ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ