ᠤᠨᠠᠯᠳᠠ ᠪᠠᠨ ᠨᠡᠮᠡᠭᠳᠡᠭᠦᠯᠵᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠤᠳᠠᠳᠠᠢ ᠠᠷᠭ᠎ᠠ ᠬᠡᠮᠵᠢᠶ᠎ᠡ ᠠᠪᠤᠪᠠ ︵ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠡᠷᠡᠮᠡᠬᠡᠶᠢᠯᠡᠨ ᠤᠷᠤᠭᠰᠢᠯᠠᠶ᠎ᠠ · ᠨᠢᠭᠡᠳᠦᠭᠡᠷ ᠹᠷᠣᠨᠲ ᠲᠤ ᠦᠵᠡᠵᠦ ᠰᠣᠨᠣᠰᠤᠭᠰᠠᠨ ᠵᠦᠢᠯ︶
ᠨᠡᠶᠢᠲᠡᠯᠡᠭᠰᠡᠨ ᠴᠠᠭ᠄
2024/6/11

ᠬᠤᠨᠠᠨ ᠤ ᠴᠠᠩ ᠳ᠋ᠧ ᠬᠤᠲᠠ ᠶᠢᠨ ᠰᠢᠶᠧ ᠵᠢᠶᠠ ᠫᠦ᠋ ᠪᠠᠯᠭᠠᠰᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠲᠦᠮᠡᠨ ᠮᠤ᠋ ᠶᠢᠨ ᠶᠡᠷᠦᠩᠬᠡᠶᠢᠯᠡᠭᠰᠡᠨ ᠵᠢᠱᠢᠶ᠎ᠡ

ᠦᠵᠡᠭᠦᠯᠬᠦ ᠲᠣᠭᠤᠷᠢᠭ ᠨᠢ ᠨᠠᠷᠢᠯᠢᠭ ᠲᠠᠷᠢᠨ ᠨᠢᠮᠪᠠᠢ ᠠᠷᠠᠴᠢᠯᠠᠵᠦ

        ᠤᠨᠠᠯᠳᠠ ᠪᠠᠨ ᠨᠡᠮᠡᠭᠳᠡᠭᠦᠯᠵᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠤᠳᠠᠳᠠᠢ ᠠᠷᠭ᠎ᠠ ᠬᠡᠮᠵᠢᠶ᠎ᠡ ᠠᠪᠤᠪᠠ ︵ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠳᠤ ᠡᠷᠡᠮᠡᠬᠡᠶᠢᠯᠡᠨ ᠤᠷᠤᠭᠰᠢᠯᠠᠶ᠎ᠠ · ᠨᠢᠭᠡᠳᠦᠭᠡᠷ ᠹᠷᠣᠨᠲ ᠲᠤ ᠦᠵᠡᠵᠦ ᠰᠣᠨᠣᠰᠤᠭᠰᠠᠨ ᠵᠦᠢᠯ︶

      ᠲᠠᠷᠢᠶᠠᠨ ᠴᠢᠬᠢ ᠨᠤᠮᠢᠨ ᠤᠰᠤᠨ ᠳᠤ ᠬᠦᠷᠢᠶᠡᠯᠡᠭᠳᠡᠨ ᠬᠥᠬᠡᠷᠡᠨ᠎ᠡ᠃ ᠲᠠᠷᠢᠶᠠᠨ ᠳᠠᠯᠠᠩ ᠳᠡᠭᠡᠷ᠎ᠡ 36 ᠨᠠᠰᠤᠲᠠᠶ ᠠᠮᠤ ᠬᠦᠨᠡᠰᠦ ᠳᠠᠷᠢᠵᠤ ᠪᠠᠶᠢᠭ᠎ᠠ ᠲᠣᠮᠣ

ᠡᠷᠦᠬᠡ ᠳ᠋ᠠᠶ ᠬᠤᠩ ᠭᠠᠷ ᠤᠲᠠᠰᠤ ᠪᠠᠨ ᠬᠦᠡᠭᠭᠡᠭᠡᠨ ᠲᠤᠶ᠋ᠢᠬᠤ ᠳᠤ ᠵᠢᠯᠤᠭᠤᠴᠢ ᠦᠭᠡᠢ ᠤᠷᠭᠤᠮᠠᠯ ᠬᠠᠮᠠᠭᠠᠯᠠᠬᠤ ᠮᠠᠰᠢᠨ ᠲᠡᠷᠡ ᠲᠤᠤᠷ᠎ᠠ ᠪᠠᠨ ᠬᠤᠢ ᠲᠠᠳᠠᠭᠤᠯᠤᠨ

ᠪᠤᠰᠪᠠ᠃

      ︽ᠲᠠᠷᠢᠶᠠᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠬᠢᠭᠦ ᠳᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ

ᠬᠡᠷᠡᠭᠲᠡᠶ᠃ ᠠᠭᠠᠷ ᠤᠨ ᠰᠡᠷᠭᠡᠶᠢᠯᠡᠯᠲᠡ ᠶᠢᠨ ᠦᠷ᠎ᠡ ᠪᠦᠲᠦᠮᠵᠢ ᠨᠢ ᠬᠥᠮᠦᠨ ᠤ ᠬᠦᠴᠦᠨ ᠤ 10 ᠳᠠᠬᠢᠨ᠂ ᠥᠪᠡᠷ ᠤᠨ ᠥᠷᠲᠡᠭ ᠨᠢ ᠵᠥᠪᠬᠡᠨ 1 / 10 ᠯᠡ

ᠪᠠᠶᠢᠳᠠᠭ︾ ᠭᠡᠵᠦ ᠬᠡᠯᠡᠬᠦ ᠳᠤᠮᠳᠠ ᠵᠢᠯᠣᠭᠤᠴᠢ ᠥᠬᠡᠶ ᠨᠢᠰᠬᠡᠯ ᠲᠠᠷᠤᠶᠢᠬᠠᠨ ᠠᠯᠤᠰ ᠢ ᠵᠣᠷᠢᠪᠠ᠃ ᠳ᠋ᠠᠢ ᠬᠤᠩ ᠤᠨ ᠪᠠᠶᠢᠭ᠎ᠠ ᠬᠤᠨᠠᠨ ᠤ ᠴᠠᠩ ᠳ᠋ᠧ ᠬᠤᠳᠠ ᠶᠢᠨ ᠳ᠋ᠢᠩ

ᠴᠧᠡᠭ ᠲᠣᠭᠤᠷᠢᠭ ᠤᠨ ᠰᠢᠶᠧ ᠵᠢᠶᠠ ᠫᠦ᠋ ᠪᠠᠯᠭᠠᠰᠤᠨ ᠤ ᠭᠠᠩ ᠵᠦᠩ ᠫᠢᠩ ᠲᠣᠰᠬᠤᠨ ᠤ ᠪᠠ ᠡᠷᠬᠢᠨ ᠲᠣᠭᠤᠷᠢᠨ ᠤ ᠬᠥᠳᠡᠭᠡ ᠲᠣᠰᠬᠤᠨ ᠤ 1.1 ᠲᠦᠮᠡᠨ ᠮᠦ

ᠤᠰᠤᠨ ᠲᠠᠷᠢᠶ᠎ᠠ ᠶᠢ ᠨᠡᠶᠢᠯᠡᠭᠦᠯᠦᠭᠡᠳ ᠤᠢᠢᠷ᠎ᠠ ᠶᠢᠨ ᠵᠢᠯ ᠳᠤ ᠲᠦᠮᠡᠨ ᠮᠦ ᠶᠢᠨ ᠠᠮᠤ ᠬᠦᠨᠠᠰᠦᠨ ᠤ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ

ᠲᠣᠭᠤᠷᠢᠭ ᠢ ᠪᠠᠶᠢᠭᠤᠯᠪᠠ᠃ 2024 ᠣᠨ ᠤ 3 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠠᠳᠡ ᠰᠢᠨᠵᠢᠯᠡᠨ ᠪᠠᠶᠢᠴᠠᠭᠠᠬᠤ ᠳᠠᠭᠠᠨ᠂ ︽ᠰᠠᠶᠢᠨ ᠦᠷ᠎ᠡ᠂ ᠰᠠᠶᠢᠨ

ᠮᠠᠰᠢᠨ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠳᠡᠭᠡᠷ᠎ᠡ ᠬᠦᠴᠦ ᠣᠷᠣᠭᠤᠯᠵᠤ᠂ ᠠᠮᠤ ᠪᠤᠳᠠᠭᠠᠨ ᠤ

ᠲᠠᠯᠠᠪᠠᠢ ᠨᠢᠭᠡᠴᠢ ᠶᠢᠨ ᠤᠨᠠᠯᠲᠠ ᠪᠣᠯᠤᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠠᠮᠤ ᠬᠦᠨᠡᠰᠦ ᠲᠠᠷᠢᠬᠤ ᠶᠢ ᠴᠤ ᠬᠦᠮᠦᠰ ᠢ ᠪᠠᠶᠠᠵᠢᠭᠤᠯᠵᠤ ᠴᠢᠳᠠᠬᠤ

ᠪᠤᠯᠭᠠᠬᠤ ᠬᠡᠷᠡᠭᠲᠡᠢ︾ ᠭᠡᠵᠦ ᠴᠢᠬᠤᠯᠠᠴᠢᠯᠠᠪᠠ᠃ ︽ᠤᠨᠠᠯᠳᠠ ᠪᠠᠨ ᠨᠡᠮᠡᠭᠳᠡᠭᠦᠯᠵᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠦᠷ᠎ᠡ ᠪᠣᠯ ᠵᠠᠩᠭᠢᠯᠠᠭ᠎ᠠ ᠪᠣᠯᠤᠨ᠎ᠠ︾᠃ ᠳ᠋ᠠᠢ

ᠬᠤᠩ ᠡᠷᠲᠡ ᠶᠢᠨ ᠲᠤᠲᠤᠷᠭ᠎ᠠ ᠶᠢᠨ ᠦᠯᠢᠭᠡᠷ ᠡᠳ᠋ ᠢᠶᠠᠨ ᠭᠠᠷᠭᠠᠵᠤ᠂ ᠰᠤᠷᠪᠤᠯᠵᠢᠯᠠᠭᠴᠢ ᠳᠤ ᠡᠨᠡ ᠵᠢᠯ ᠤᠨ ᠰᠣᠩᠭᠤᠨ ᠲᠠᠷᠢᠭᠰᠠᠨ ︽ᠰᠢᠶᠠᠩ ᠼᠣᠤ ᠰᠢᠶᠠᠨ 24

ᠨᠡᠷᠡᠮᠵᠢᠲᠦ︾ ᠶᠢ ᠲᠠᠨᠢᠯᠴᠠᠭᠤᠯᠵᠤ᠂ ︽ᠮᠥᠬᠦᠯᠢᠭ ᠠᠮᠤ ᠶᠢᠨ ᠤᠨᠠᠯᠳᠠ ᠥᠨᠳᠥᠷ᠂ ᠲᠤᠳᠤᠷᠭᠠᠨ ᠭᠤᠯᠢᠷ ᠪᠣᠯᠪᠠᠰᠤᠷᠠᠭᠤᠯᠬᠤ ᠳᠤ ᠲᠣᠬᠢᠷᠠᠮᠵᠢᠲᠠᠢ᠂ ᠲᠤᠲᠤᠷᠭ᠎ᠠ ᠶᠢᠨ

ᠪᠤᠷᠤᠯᠠᠭᠤᠯᠭ᠎ᠠ ᠮᠠᠰᠢ ᠰᠠᠶᠢᠨ ᠪᠠᠶᠢᠳᠠᠭ︾ ᠭᠡᠪᠡ᠃ ᠰᠠᠶᠢᠨ ᠦᠷ᠎ᠡ ᠶᠢ ᠰᠣᠩᠭᠤᠬᠤ ᠳᠤ ᠠᠷᠭ᠎ᠠ ᠳᠡᠮ ᠬᠡᠷᠡᠭᠲᠡᠢ᠃ ᠳ᠋ᠢᠩ ᠴᠧᠩ ᠲᠣᠭᠤᠷᠢᠭ ᠤᠨ ᠬᠥᠳᠡᠭᠡ ᠠᠵᠤ

ᠠᠬᠤᠶ ᠬᠥᠳᠡᠭᠡ ᠲᠣᠰᠬᠤᠨ ᠤ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠠᠳᠠᠯᠢᠳᠬᠠᠨ ᠰᠢᠯᠭᠠᠷᠠᠭᠤᠯᠬᠤ ᠦᠵᠡᠭᠦᠯᠭᠡ ᠶᠢ ᠵᠣᠬᠢᠶᠠᠨ ᠪᠠᠶᠢᠭᠤᠯᠵᠤ᠂ ᠡᠯ᠎ᠡ

ᠲᠥᠷᠥᠯ ᠤᠨ ᠦᠷ᠎ᠡ ᠶᠢ ︽ᠠᠳᠠᠯᠢᠳᠬᠠᠨ ᠰᠢᠯᠭᠠᠷᠠᠭᠤᠯᠵᠤ︾᠂ ︽ᠢᠯᠠᠭᠴᠢ︾ ᠶᠢ ᠤᠷᠢᠳ ᠢᠶᠠᠷ ᠪᠠᠭ᠎ᠠ ᠬᠡᠪᠴᠢᠶ᠎ᠡ ᠪᠠᠷ ᠲᠤᠷᠰᠢᠨ ᠳᠠᠷᠢᠵᠤ᠂ ᠪᠠᠳᠤᠯᠠᠭ᠎ᠠ ᠲᠠᠢ ᠶᠢ

ᠮᠡᠳᠡᠭᠰᠡᠨ ᠤ ᠳᠠᠷᠠᠭ᠎ᠠ ᠰᠠᠶ᠋ᠢ ᠲᠡᠯᠭᠡᠷᠡᠭᠦᠯᠳᠡᠭ᠃ ︽ᠨᠢᠳᠤᠨᠤᠨ ᠰᠢᠨ᠎ᠡ ᠡᠭᠦᠯᠳᠡᠷ ᠤᠨ ᠡᠷᠲᠡ ᠶᠢᠨ ᠲᠤᠲᠤᠷᠭ᠎ᠠ ᠳᠤ ᠨᠢᠭᠡ ᠮᠦ ᠠᠴᠠ 200 ᠭᠠᠷᠤᠢ ᠲᠥᠭᠦᠷᠢᠭ

ᠢᠯᠡᠭᠦᠦ ᠤᠯᠪᠠ︾ ᠭᠡᠵᠦ ᠳ᠋ᠠᠢ ᠬᠤᠩ ᠬᠡᠯᠡᠨ᠎ᠡ᠃

︽ᠬᠠᠭᠠᠰ ᠨᠠᠰᠤ ᠪᠠᠷ ᠢᠶᠠᠨ ᠲᠠᠷᠢᠶ᠎ᠠ ᠲᠠᠷᠢᠭᠰᠠᠨ᠂ ᠵᠢᠯᠣᠭᠤᠴᠢ ᠦᠭᠡᠢ ᠴᠢᠬᠢ ᠰᠠᠭᠤᠯᠭᠠᠬᠤ ᠮᠠᠰᠢᠨ ᠢ ᠠᠩᠬ᠎ᠠ ᠤᠳᠠᠭ᠎ᠠ ᠬᠡᠷᠡᠭᠯᠡᠵᠦ ᠪᠠᠶᠢᠨ᠎ᠠ︕︾ ᠥᠪᠡᠷ ᠤᠨ

ᠲᠠᠷᠢᠶᠠᠨ ᠭᠠᠵᠠᠷ ᠤᠨ ᠢᠶᠠᠨ ᠡᠮᠦᠨ᠎ᠡ᠂ ᠭᠠᠩ ᠵᠥᠩ ᠫᠢᠩ ᠲᠣᠰᠬᠤᠨ ᠤ ᠠᠮᠤ ᠬᠦᠨᠡᠰᠦ ᠳᠠᠷᠢᠬᠤ ᠲᠣᠮᠣ ᠡᠷᠦᠬᠡ ᠸᠠᠩ ᠯᠢ ᡁᠢ ᠡᠨᠡ ᠵᠢᠯ ᠤᠨ ᠴᠢᠬᠢ ᠰᠠᠭᠤᠯᠭᠠᠬᠰᠠᠨ

ᠲᠤᠬᠠᠶ ᠰᠢᠨ᠎ᠡ ᠰᠡᠪᠡᠭᠦᠨ ᠵᠣᠭᠤᠭ ᠢ ᠲᠡᠯᠭᠡᠯ᠎ᠡ᠃

      ᠴᠢᠬᠢ ᠰᠠᠭᠤᠯᠭᠠᠬᠤ ᠮᠠᠰᠢᠨ ᠳᠡᠭᠡᠷ᠎ᠡ ᠤᠶᠤᠨᠴᠢᠯᠠᠭᠰᠠᠨ ᠵᠠᠭᠪᠤᠷ ᠨᠡᠮᠡᠵᠦ ᠤᠭᠰᠠᠷᠠᠨ᠂ ᠪᠡᠶ᠎ᠡ ᠪᠠᠨ ᠳᠠᠭᠠᠭᠠᠵᠤ ᠵᠠᠮ ᠱᠤᠭᠤᠮ ᠢᠶᠠᠨ ᠲᠥᠯᠥᠪᠵᠢᠭᠦᠯᠵᠦ᠂

ᠥᠨᠴᠥᠭ ᠪᠤᠯᠤᠩ ᠲᠠᠭᠠᠷᠠᠯᠳᠤᠪᠠᠯ ᠬᠤᠷᠳᠤᠴᠠ ᠨᠢ ᠤᠳᠠᠭᠠᠰᠢᠷᠠᠵᠤ᠂ ᠲᠠᠷᠢᠶᠠᠨ ᠳᠠᠯᠠᠩ ᠲᠠᠭᠠᠷᠠᠯᠳᠤᠪᠠᠯ ᠡᠷᠬᠢᠵᠦ᠂ ᠴᠢᠬᠢ ᠰᠠᠭᠤᠯᠭᠠᠬᠤ ᠬᠢᠷᠢ ᠲᠦᠪᠰᠢᠨ ᠨᠢ

︽ᠠᠬᠠᠮᠠᠳ ᠲᠠᠷᠢᠶᠠᠴᠢᠨ︾ ᠠᠴᠠ ᠲᠤᠳᠠᠬᠤ ᠦᠭᠡᠢ — ᠲᠠᠷᠢᠶᠠᠨ ᠵᠠᠬ᠎ᠠ ᠶᠢᠨ ᠰᠢᠨ᠎ᠡ ᠶᠠᠪᠤᠳᠠᠯ ᠢ ᠶᠠᠷᠢᠬᠤ ᠳᠤ᠂ ᠸᠠᠩ ᠯᠢ ᡁᠢ᠄ ︽ᠤᠳᠤ ᠠᠷᠠᠰᠤᠨ ᠱᠠᠬᠠᠢ

ᠡᠮᠦᠰᠦᠭᠰᠡᠨ ᠴᠦ ᠲᠠᠷᠢᠶ᠎ᠠ ᠲᠠᠷᠢᠵᠥ ᠪᠣᠯᠤᠨ᠎ᠠ᠂ ᠴᠢᠬᠢ ᠰᠠᠭᠤᠯᠭᠠᠬᠤ ᠠᠴᠠ ᠠᠪᠤᠭᠠᠳ ᠬᠠᠳᠠᠭᠠᠬᠤ ᠬᠦᠷᠲᠡᠯ᠎ᠡ ᠴᠦᠮ ᠦᠢᠯᠡᠴᠢᠯᠡᠭᠡ ᠬᠤᠳᠠᠯᠳᠤᠨ ᠠᠪᠴᠤ ᠪᠣᠯᠤᠨ᠎ᠠ︾

ᠭᠡᠵᠦ ᠶᠠᠷᠢᠨ᠎ᠠ᠃

      ︽ᠬᠡᠷᠡᠭᠯᠡᠭᠦ ᠠᠴᠠ ᠮᠠᠰᠢᠨ ᠲᠠᠢ ᠪᠠᠶᠢᠬᠤ︾ ᠠᠴᠠ ᠠᠪᠤᠭᠠᠳ ︽ᠬᠡᠷᠡᠭᠯᠡᠬᠦ ᠳᠤ ᠰᠠᠶᠢᠨ ᠮᠠᠰᠢᠨ ᠲᠠᠢ ᠪᠠᠶᠢᠬᠤ︾ ᠪᠣᠯᠲᠠᠯ᠎ᠠ᠂ ᠴᠠᠩ ᠳ᠋ᠧ ᠬᠤᠲᠠ ᠶᠢᠨ ᠤᠰᠤᠨ

ᠲᠤᠲᠤᠷᠭ᠎ᠠ ᠲᠠᠷᠢᠵᠤ ᠬᠤᠷᠢᠶᠠᠬᠤ ᠮᠠᠰᠢᠨᠴᠢᠯᠠᠯᠲᠠ ᠶᠢᠨ ᠨᠣᠷᠮ᠎ᠠ ᠨᠢᠳᠤᠨᠤᠨ 83.8% ᠪᠣᠯᠲᠠᠯ᠎ᠠ ᠳᠡᠭᠡᠭᠰᠢᠯᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ

ᠲᠣᠨᠣᠭᠯᠠᠯ ᠤᠨ ᠡᠵᠡᠯᠡᠬᠦ ᠬᠠᠷᠢᠴᠠᠯ 40% ᠶᠢ ᠳᠠᠪᠠᠪᠠ᠃

       ︽ᠸᠠᠩ ᠡᠭᠡᠴᠢ ᠡ᠂ ᠴᠢᠬᠢ ᠰᠠᠭᠤᠯᠭᠠᠭᠰᠠᠨ ᠤ ᠳᠠᠷᠠᠭ᠎ᠠ ᠡᠪᠡᠰᠦ ᠠᠷᠢᠯᠭᠠᠬᠤ᠂ ᠬᠤᠷᠣᠬᠠᠢ ᠰᠡᠷᠭᠡᠶᠢᠯᠡᠬᠦ᠂ ᠪᠣᠷᠳᠣᠭᠤᠷ ᠣᠷᠣᠭᠤᠯᠬᠤ ᠠᠵᠢᠯ ᠢ ᠴᠦᠮ ᠰᠠᠶᠢᠨ

ᠬᠢᠭᠦ ᠬᠡᠷᠡᠭᠲᠡᠢ︾᠃ ᠰᠢᠶᠧ ᠵᠢᠶᠠ ᠫᠦ᠋ ᠪᠠᠯᠭᠠᠰᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ ᠰᠤ᠋ ᠱᠤᠤ ᠵᠢᠶᠦ᠋ᠨ ᠸᠠᠩ ᠯᠢ

ᡁᠢ ᠶᠢᠨ ᠲᠠᠷᠢᠶᠠᠨ ᠵᠠᠬ᠎ᠠ ᠳᠤ ᠣᠴᠦ᠋ᠢᠨ ᠰᠠᠭᠤᠵᠤ᠂ ᠴᠢᠬᠢ ᠶᠢᠨ ᠤᠷᠭᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ︽ᠤᠷᠢᠳ ᠢᠶᠠᠷ ᠡᠮ ᠣᠷᠣᠭᠤᠯᠤᠨ

ᠡᠪᠡᠰᠦ ᠠᠷᠢᠯᠭᠠᠵᠤ᠂ ᠪᠠᠰᠠ ᠵᠣᠬᠢᠬᠤ ᠬᠡᠮᠵᠢᠶᠡᠨ ᠤ ᠤᠰᠤᠨ ᠲᠦᠪᠰᠢᠨ ᠢ ᠪᠠᠲᠤᠯᠠᠵᠤ ᠤᠰᠤ ᠪᠠᠷ ᠡᠪᠡᠰᠦ ᠶᠢ ᠬᠢᠵᠠᠭᠠᠷᠯᠠᠬᠤ ᠬᠡᠷᠡᠭᠲᠡᠢ᠂ ︿ᠪᠤᠲᠠᠯᠠᠬᠤ ᠪᠤᠷᠳᠤᠭᠤᠷ﹀ ᠢ

ᠴᠤ ᠡᠷᠲᠡ ᠣᠷᠣᠭᠤᠯᠵᠤ ᠭᠦᠢᠴᠡᠳ ᠬᠠᠩᠭᠠᠬᠤ ᠬᠡᠷᠡᠭᠲᠡᠢ︾ ᠭᠡᠪᠡ᠃ ᠸᠠᠩ ᠯᠢ ᡁᠢ ᠰᠣᠨᠣᠰᠬᠤ ᠶᠢᠨ ᠳᠠᠭᠠᠤ ᠲᠣᠯᠣᠭᠠᠢ ᠳᠤᠬᠢᠵᠤ᠄ ︽ᠲᠤᠰᠬᠠᠢ ᠮᠡᠷᠭᠡᠵᠢᠯᠲᠡᠨ ᠤ

ᠵᠢᠯᠤᠭᠤᠳᠤᠯᠭ᠎ᠠ ᠲᠠᠢ ᠪᠤᠯᠬᠤᠷ ᠰᠡᠳᠬᠢᠯ ᠳᠡᠭᠡᠨ ᠨᠡᠩ ᠪᠠᠲᠤᠯᠠᠭ᠎ᠠ ᠲᠠᠢ ᠪᠤᠯᠤᠬᠰᠠᠨ︾ ᠭᠡᠪᠡ᠃ ᠰᠠᠶᠢᠨ ᠦᠷ᠎ᠠ ᠰᠠᠶᠢᠨ ᠮᠠᠰᠢᠨ ᠳᠤ ᠰᠠᠶᠢᠨ ᠠᠷᠭ᠎ᠠ ᠲᠤᠬᠢᠷᠠᠭᠤᠯᠬᠤ

ᠬᠡᠷᠡᠭᠲᠡᠢ᠃ ᠵᠢᠱᠢᠶ᠎ᠡ ᠦᠵᠡᠭᠦᠯᠬᠦ ᠣᠷᠣᠨ ᠲᠤᠭᠤᠷᠢᠭ ᠲᠤ ᠰᠢᠯᠢᠳᠡᠭ ᠡᠭᠦᠯᠳᠡᠷ ᠢ ᠨᠢᠭᠡᠳᠭᠡᠭᠦ ᠵᠡᠷᠭᠡ ︽ᠲᠠᠪᠤ ᠶᠢ ᠨᠢᠭᠡᠳᠬᠡᠬᠦ︾ ᠠᠷᠭ᠎ᠠ ᠶᠢ ᠠᠪᠴᠤ᠂ ᠨᠢᠳᠤᠨᠤᠨ ᠤ

ᠡᠷᠲᠡ ᠶᠢᠨ ᠲᠤᠲᠤᠷᠭ᠎ᠠ᠂ ᠣᠷᠣᠶ ᠶᠢᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠨᠢ ᠳ᠋ᠢᠩ ᠴᠧᠡᠭ ᠲᠤᠭᠤᠷᠢᠭ ᠤᠨ ᠳᠤᠮᠳᠠᠴᠢ ᠬᠢᠷᠢ ᠲᠦᠪᠰᠢᠨ ᠠᠴᠠ ᠪᠠᠷᠤᠭ

130 ᠺᠢᠯᠣᠭ᠍ᠷᠠᠮ ᠥᠨᠳᠥᠷ ᠪᠣᠯᠪᠠ᠃

       ᠰᠤ᠋ ᠱᠤᠤ ᠵᠢᠶᠦ᠋ᠨ ᠰᠤᠷᠪᠤᠯᠵᠢᠯᠠᠭᠴᠢ ᠶᠢ ᠳᠠᠭᠠᠭᠤᠯᠤᠨ ᠵᠢᠱᠢᠶ᠎ᠡ ᠦᠵᠡᠭᠦᠯᠬᠦ ᠣᠷᠣᠨ ᠲᠤᠭᠤᠷᠢᠭ ᠤᠨ ᠡᠨᠡ ᠵᠢᠯ ᠤᠨ ᠰᠢᠨ᠎ᠡ ᠪᠠᠷ ᠥᠷᠭᠡᠳᠬᠡᠨ

ᠪᠠᠶᠢᠭᠤᠯᠤᠭᠰᠠᠨ ᠴᠢᠬᠢ ᠪᠤᠶᠢᠵᠢᠭᠤᠯᠬᠤ ᠦᠢᠯᠡᠳᠪᠦᠷᠢ ᠶᠢ ᠦᠵᠡᠪᠡ᠃ ᠡᠷᠲᠡ ᠶᠢᠨ ᠲᠤᠲᠤᠷᠭ᠎ᠠ ᠶᠢᠨ ᠴᠢᠬᠢ ᠶᠢ ᠰᠢᠯᠵᠢᠭᠦᠯᠵᠦ ᠰᠠᠭᠤᠯᠭᠠᠭᠰᠠᠨ ᠤ ᠲᠠᠷᠠᠭ᠎ᠠ᠂

ᠵᠠᠯᠭᠠᠯᠳᠤᠭᠰᠠᠨ ᠬᠦᠯᠡᠮᠵᠢ ᠶᠢᠨ ᠳᠣᠲᠣᠷ᠎ᠠ ᠣᠨᠴᠠᠭᠠᠢ ᠠᠭᠤᠳᠠᠮ ᠬᠠᠷᠠᠭᠳᠠᠨ᠎ᠠ᠃ ᠦᠢᠯᠡᠳᠪᠦᠷᠢᠵᠢᠭᠦᠯᠦᠭᠰᠡᠨ ᠴᠢᠬᠢ ᠪᠤᠶᠢᠵᠢᠭᠤᠯᠬᠤ ᠳᠤ ᠰᠢᠷᠣᠶ ᠰᠠᠴᠤᠬᠤ᠂ ᠦᠷ᠎ᠡ

ᠰᠠᠴᠤᠬᠤ᠂ ᠤᠰᠤ ᠰᠠᠴᠤᠬᠤ ᠶᠢ ᠠᠦ᠋ᠲ᠋ᠣᠴᠢᠯᠠᠬᠤ᠂ ᠤᠰᠤ ᠪᠣᠷᠳᠣᠭᠤᠷ ᠤᠨ ᠤᠰᠤᠯᠠᠯᠲᠠ ᠶᠢ ᠨᠢᠭᠡ ᠴᠣᠭᠴᠠᠵᠢᠭᠤᠯᠬᠤ ᠵᠡᠷᠭᠡ ᠤᠯᠠᠨ ᠰᠠᠶᠢᠨ ᠲᠠᠯ᠎ᠠ ᠲᠠᠢ ᠪᠠᠶᠢᠵᠤ᠂

ᠡᠪᠡᠳᠴᠢᠨ ᠬᠤᠷᠣᠬᠠᠶ ᠶᠢᠨ ᠬᠥᠨᠥᠭᠡᠯ ᠨᠢ ᠴᠦ ᠤᠯᠠᠮᠵᠢᠯᠠᠯᠲᠤ ᠠᠷᠭ᠎ᠠ ᠬᠡᠯᠪᠡᠷᠢ ᠠᠴᠠ ᠪᠠᠭ᠎ᠠ ᠪᠠᠶᠢᠳᠠᠭ᠃ ᠰᠤ᠋ ᠱᠤᠤ ᠵᠢᠶᠦ᠋ᠨ ᠬᠤᠷᠤᠭᠤ ᠪᠠᠨ ᠲᠠᠷᠤᠵᠤ᠄

︽ᠲᠥᠪᠯᠡᠷᠡᠭᠦᠯᠦᠨ ᠴᠢᠬᠢ ᠪᠤᠶᠢᠵᠢᠭᠤᠯᠬᠤ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠴᠢᠭᠢ ᠶᠢᠨ ᠵᠠᠢ ᠶᠢ ᠵᠣᠬᠢᠰᠲᠠᠢ ᠲᠤᠬᠢᠷᠠᠭᠤᠯᠤᠨ ᠨᠢᠭᠲᠠ ᠲᠠᠷᠢᠵᠤ᠂

ᠲᠤᠤᠭᠤᠷ ᠬᠠᠳᠤᠵᠤ ᠬᠤᠷᠣᠭᠳᠠᠯ ᠢ ᠪᠠᠭᠠᠰᠬᠠᠬᠤ ᠬᠡᠷᠡᠭᠲᠡᠢ᠁ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠣᠷᠣᠨ ᠵᠠᠢ ᠮᠥᠨ ᠯᠡ ᠶᠡᠭᠡ ᠪᠠᠶᠢᠨ᠎ᠠ︾ ᠭᠡᠵᠦ

ᠲᠠᠨᠢᠯᠴᠠᠭᠤᠯᠪᠠ᠃

      ᠥᠷᠭᠡᠨ ᠲᠠᠯ᠎ᠠ ᠳᠤ ᠤᠷᠢ ᠵᠠᠯᠠᠭᠤ ᠨᠠᠰᠤᠨ ᠤ ᠵᠢᠪᠬᠤᠭᠠᠯᠢᠭ ᠪᠠᠷ᠎ᠠ ᠬᠠᠷᠠᠬᠳᠠᠨ᠎ᠠ᠃ ᠲᠠᠷᠢᠶᠠᠨ ᠳᠠᠯᠠᠩ ᠳᠡᠭᠡᠷ᠎ᠡ ᠴᠧᠨ ᠱᠤᠸᠠᠢ ᠢᠦᠶ ᠲᠠᠢ ᠠᠭᠤᠯᠵᠠᠪᠠ᠂ ᠡᠨᠡ

ᠬᠦ ᠶᠡᠷᠡᠭᠡᠳ ᠣᠨ ᠳᠤ ᠲᠥᠷᠥᠭᠰᠡᠨ ᠨᠤᠲᠤᠭ ᠲᠠᠭᠠᠨ ᠪᠤᠴᠠᠭᠰᠠᠨ ᠣᠶᠤᠲᠠᠨ᠄ ︽ᠲᠠᠷᠢᠶᠠᠯᠠᠩ ᠤᠨ ᠮᠠᠰᠢᠨ ᠤ ᠬᠡᠳᠦᠨ ᠠᠵᠤ ᠠᠬᠤᠶᠢᠯᠠᠯ ᠲᠠᠢ ᠬᠠᠮᠲᠤᠷᠠᠯᠴᠠᠬᠤ ᠰᠠᠨᠠᠮᠵᠢ

ᠲᠤᠬᠳᠠᠬᠰᠠᠨ᠂ ᠡᠨᠡ ᠵᠢᠯ ᠵᠢᠱᠢᠶ᠎ᠡ ᠦᠵᠡᠭᠦᠯᠬᠦ ᠲᠣᠭᠤᠷᠢᠭ ᠲᠤ ᠲᠠᠷᠢᠶᠠᠯᠠᠩ ᠤᠨ ᠮᠠᠰᠢᠨ ᠤ ᠰᠡᠯᠪᠢᠭ ᠲᠣᠨᠤᠭ ᠬᠥᠮᠥᠷᠭᠡᠯᠡᠬᠦ ᠴᠡᠭ ᠪᠠ ᠲᠦᠷᠭᠡᠨ ᠵᠠᠰᠠᠬᠤ

ᠥᠷᠲᠡᠭᠡ ᠶᠢ ᠰᠢᠨ᠎ᠡ ᠪᠠᠷ ᠪᠠᠶᠢᠭᠤᠯᠵᠤ᠂ ᠲᠠᠷᠢᠶᠠᠯᠠᠩ ᠤᠨ ᠮᠠᠰᠢᠨ ᠢ ᠵᠠᠰᠠᠵᠤ ᠠᠷᠠᠴᠢᠯᠠᠬᠤ ᠶᠢ ᠨᠠᠩ ᠲᠥᠬᠦᠮ ᠪᠣᠯᠭᠠᠨ᠎ᠠ︾ ᠭᠡᠵᠦ ᠶᠠᠭᠠᠷᠠᠯᠳᠠᠢ ᠠᠯᠬᠤᠬᠤ ᠲᠤᠮᠳᠠ

ᠶᠠᠷᠢᠪᠠ᠃

      ᠴᠧᠨ ᠱᠤᠸᠠᠢ ᠢᠦᠶ ᠶᠢᠨ ᠲᠦᠷᠦᠭᠦᠯᠡᠨ ᠪᠠᠶᠢᠭᠤᠯᠤᠭᠰᠠᠨ ᠢ ᠽᠧ ᠤᠰᠤᠨ ᠲᠤᠲᠤᠷᠭ᠎ᠠ ᠶᠢᠨ ᠲᠤᠰᠬᠠᠶ ᠬᠤᠷᠰᠢᠶᠠᠵᠢᠯ ᠨᠢ 300 ᠭᠠᠷᠤᠶ ᠭᠡᠰᠢᠭᠦᠨ ᠲᠠᠢ

ᠪᠣᠯᠵᠣ᠂ 2023 ᠣᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠨᠢ 5 ᠲᠦᠮᠡᠨ ᠮᠥ ᠶᠢ ᠳᠠᠪᠠᠪᠠ᠃ ︽ᠡᠨᠡ ᠵᠢᠯ ᠨᠡᠶᠢᠭᠡᠮᠴᠢᠯᠡᠭᠰᠡᠨ ᠦᠢᠯᠡᠴᠢᠯᠡᠭᠡᠨ ᠤ

ᠲᠠᠯᠠᠪᠠᠢ 4000 ᠭᠠᠷᠤᠢ ᠮᠦ ᠨᠡᠮᠡᠭᠳᠡᠵᠦ᠂ ᠬᠤᠷᠰᠢᠶᠠᠵᠢᠯ ᠳᠤ ᠪᠠᠰᠠ 3 ᠵᠠᠯᠠᠭᠤ ᠭᠡᠰᠢᠭᠦᠨ ᠨᠡᠮᠡᠭᠳᠡᠵᠡᠢ︾ ᠭᠡᠵᠦ ᠴᠧᠨ ᠱᠤᠸᠠᠢ ᠢᠦᠢ ᠬᠡᠯᠡᠭᠰᠡᠨ ᠢᠶᠠᠨ ᠵᠠᠯᠭᠠᠭᠠᠳ᠄

︽ᠮᠠᠨ ᠤ ︿ᠰᠢᠨ᠎ᠡ ᠲᠠᠷᠢᠶᠠᠴᠢᠨ﹀ ᠨᠡᠩ ᠴᠤ ︿ᠲᠠᠷᠢᠶᠠᠯᠠᠩ ᠢ ᠬᠦᠭᠵᠢᠭᠦᠯᠦᠭᠴᠢ﹀ ᠪᠣᠯᠬᠤ ᠬᠡᠷᠡᠭᠲᠡᠢ︕︾ ᠭᠡᠪᠡ᠃

ᠢᠷᠡᠯᠲᠡ᠄ ᠠᠷᠠᠳ ᠤᠨ ᠰᠦᠯᠵᠢᠶ᠎ᠡ