| ᠬᠤᠨᠢᠨ ᠤ ᠡᠪᠡᠰᠦ ᠬᠠᠭᠤᠷᠠᠢ ᠡᠪᠡᠰᠦ ᠶᠢ ᠬᠠᠳᠤᠬᠤ ᠳᠤ | ᠬᠠᠮᠤᠭ ᠰᠠᠶᠢᠨ ᠨᠢ ᠵᠠᠯᠠᠭᠠᠯᠠᠬᠤ ᠬᠤᠭᠤᠴᠠᠭᠠᠨ ᠳᠤ | ᠪᠠᠶᠢᠳᠠᠭ᠂ ᠵᠡᠭᠦᠨ ᠬᠤᠶᠢᠲᠤ ᠣᠷᠣᠨ ᠤ ᠬᠤᠨᠢᠨ ᠤ ᠡᠪᠡᠰᠦ ᠶᠢ | ᠬᠤᠷᠢᠶᠠᠬᠤ ᠳᠤ ᠭᠤᠣᠯᠳᠠᠭᠤ ᠬᠤᠶᠠᠷ ᠬᠤᠭᠤᠴᠠᠭ᠎ᠠ | ᠬᠤᠪᠢᠶᠠᠨ᠎ᠠ᠂ ᠨᠢᠭᠡ ᠨᠢ 7 — 8 ᠰᠠᠷ᠎ᠠ ᠠᠴᠠ ᠡᠬᠢᠯᠡᠨ ᠡᠪᠡᠰᠦ | ᠬᠤᠷᠢᠶᠠᠨ᠎ᠠ᠂ ᠡᠨᠡ ᠦᠶ᠎ᠡ ᠳᠤ ᠰᠢᠮ᠎ᠡ ᠲᠡᠵᠢᠭᠡᠯ ᠤᠨ | ᠴᠢᠨᠠᠷ ᠨᠢ ᠨᠡᠯᠢᠶᠡᠳ ᠥᠨᠳᠥᠷ᠂ ᠪᠣᠷᠣᠯᠠᠭᠤᠯᠤᠯᠲᠠ ᠶᠢᠨ | ᠦᠨ᠎ᠡ ᠨᠢ ᠥᠨᠳᠥᠷ᠂ ᠭᠠᠷᠤᠯᠲᠠ ᠶᠢᠨ ᠬᠡᠮᠵᠢᠶ᠎ᠡ ᠨᠢ ᠳᠣᠣᠷ᠎ᠠ᠂ | ᠤᠰᠤᠨ ᠤ ᠠᠭᠤᠯᠤᠭᠳᠠᠴᠠ ᠨᠢ ᠶᠡᠭᠡ᠂ ᠶᠡᠷᠦ ᠳᠡᠭᠡᠨ 16% ᠠᠴᠠ | ᠳᠡᠭᠡᠭᠰᠢ ᠪᠠᠶᠢᠵᠤ᠂ ᠤᠷᠳᠤ ᠬᠤᠭᠤᠴᠠᠭ᠎ᠠ ᠪᠠᠷ | ᠬᠠᠳᠠᠭᠠᠯᠠᠬᠤ ᠳᠤ ᠬᠦᠴᠢᠷ᠃ ᠣᠳᠣᠬᠠᠨ ᠤ ᠨᠠᠶᠢᠷᠠᠭᠤᠯᠬᠤ | ᠠᠷᠭ᠎ᠠ ᠪᠣᠯ ᠬᠠᠳᠤᠭᠰᠠᠨ ᠤ ᠳᠠᠷᠠᠭ᠎ᠠ 1 — 3 ᠡᠳᠦᠷ | ᠬᠠᠳᠠᠭᠠᠭᠰᠠᠨ ᠤ ᠳᠠᠷᠠᠭ᠎ᠠ ᠤᠷᠢᠳ ᠢᠶᠠᠷ ᠰᠦᠪᠡᠷᠬᠡᠭ ᠵᠢᠵᠢᠭ | ᠣᠪᠣᠭ᠎ᠠ ᠪᠣᠯᠭᠠᠨ ᠣᠪᠣᠭᠠᠯᠠᠵᠤ᠂ ᠠᠭᠠᠵᠢᠮ ᠢᠶᠠᠷ | ᠰᠡᠭᠦᠳᠡᠷ ᠲᠤ ᠬᠠᠲᠠᠭᠠᠨ᠂ ᠤᠰᠤᠨ ᠤ ᠠᠭᠤᠯᠤᠭᠳᠠᠴᠠ ᠨᠢ 16% | ᠣᠷᠴᠢᠮ ᠪᠣᠯᠪᠠᠯ ᠣᠪᠣᠭᠠᠯᠠᠬᠤ᠂ ᠡᠰᠡᠬᠦᠯ᠎ᠡ ᠪᠡᠯᠴᠢᠭᠡᠷ ᠲᠤ | ᠣᠪᠣᠭᠠᠯᠠᠭᠠᠳ ᠰᠢᠭᠤᠳ ᠪᠤᠭᠤᠵᠢᠯᠠᠵᠤ᠂ ᠡᠰᠡᠬᠦᠯ᠎ᠡ | ᠬᠥᠮᠥᠷᠭᠡ ᠳᠤ ᠬᠦᠷᠭᠡᠵᠦ ᠬᠠᠳᠠᠭᠠᠯᠠᠨ᠎ᠠ᠃ ᠬᠤᠶᠠᠷ ᠲᠤ 8 | ᠰᠠᠷ᠎ᠠ ᠶᠢᠨ ᠰᠡᠭᠦᠯᠴᠢ ᠠᠴᠠ 9 ᠰᠠᠷ᠎ᠠ ᠪᠣᠯᠲᠠᠯᠠᠬᠢ | ᠬᠤᠭᠤᠴᠠᠭᠠᠨ ᠳᠤ ᠬᠠᠳᠤᠨ᠎ᠠ᠂ ᠡᠨᠡ ᠦᠶ᠎ᠡ ᠳᠤ ᠨᠢᠭᠡᠨᠲᠡ | ᠪᠣᠷᠣᠭᠠᠨ ᠤ ᠤᠯᠠᠷᠢᠯ ᠥᠩᠭᠡᠷᠡᠵᠦ᠂ ᠨᠡᠷᠡᠨ ᠳᠤ ᠡᠭᠡᠭᠡᠵᠦ | ᠪᠣᠯᠬᠤ ᠴᠠᠭ ᠨᠢ ᠣᠷᠳᠣ ᠰᠢᠭ᠋ ᠪᠠᠶᠢᠵᠤ᠂ ᠠᠭᠠᠷ ᠤᠨ | ᠳᠤᠯᠠᠭᠠᠨ ᠨᠢ ᠴᠦ ᠢᠯᠡᠳᠲᠡ ᠪᠠᠭᠤᠷᠠᠵᠤ᠂ ᠠᠮᠠᠷᠬᠠᠨ ᠸᠠᠯᠠᠬᠤ | ᠦᠭᠡᠢ᠂ ᠬᠠᠭᠤᠷᠠᠢ ᠡᠪᠡᠰᠦᠨ ᠤ ᠤᠰᠤᠨ ᠤ ᠠᠭᠤᠯᠤᠭᠳᠠᠴᠠ ᠨᠢ | 13% ᠠᠴᠠ ᠳᠣᠷᠣᠭᠰᠢ ᠪᠠᠶᠢᠵᠤ᠂ ᠶᠡᠭᠡ ᠬᠡᠮᠵᠢᠶ᠎ᠡ ᠪᠠᠷ | ᠬᠤᠳᠠᠯᠳᠤᠨ ᠠᠪᠬᠤ ᠪᠤᠶᠤ ᠣᠷᠳᠣ ᠬᠤᠭᠤᠴᠠᠭ᠎ᠠ ᠪᠠᠷ | ᠬᠠᠳᠠᠭᠠᠯᠠᠵᠤ ᠪᠣᠯᠣᠨ᠎ᠠ᠃ ᠭᠡᠪᠡᠴᠦ ᠬᠠᠳᠤᠬᠤ ᠬᠤᠭᠤᠴᠠᠭ᠎ᠠ ᠨᠢ | ᠨᠢᠭᠡᠨᠲᠡ ᠪᠣᠯᠪᠠᠰᠤᠷᠠᠭᠰᠠᠨ ᠬᠤᠭᠤᠴᠠᠭ᠎ᠠ ᠠᠴᠠ ᠪᠠᠨ | ᠥᠩᠭᠡᠷᠡᠭᠡᠳ ᠰᠢᠷᠠᠯᠠᠬᠤ ᠬᠤᠭᠤᠴᠠᠭ᠎ᠠ ᠳᠤ ᠣᠷᠣᠭᠰᠠᠨ | ᠤᠴᠢᠷ ᠠᠴᠠ ᠬᠠᠭᠤᠷᠠᠢ ᠡᠪᠡᠰᠦᠨ ᠤ ᠶᠠᠰᠤ ᠴᠢᠨᠠᠷ ᠨᠢ | ᠪᠠᠭᠤᠷᠠᠭᠰᠠᠨ ᠪᠠᠶᠢᠳᠠᠭ᠃ | | | | |