| ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠬᠤᠯᠠ ᠪᠦᠷᠢᠯᠳᠦᠭᠦᠨ ᠬᠡᠰᠡᠭ | ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠳᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠬᠦᠴᠦᠲᠡᠢ ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ | ᠦᠢᠯᠡᠰ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ | ᠠᠵᠢᠯ ᠢᠶᠠᠨ ᠢᠳᠡᠪᠬᠢᠲᠡᠢ ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ | ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠡᠶᠢᠭᠡᠮ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠪᠦᠬᠦᠯᠢ ᠴᠣᠭᠴᠠ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠢ᠃ ᠭᠡᠪᠡᠴᠦ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠦᠭᠡᠢ᠂ ᠶᠠᠰᠤ ᠴᠢᠨᠠᠷ ᠰᠠᠶᠢᠨ ᠪᠢᠰᠢ᠂ ᠰᠢᠨ᠎ᠡ ᠶᠢ ᠡᠭᠦᠳᠬᠦ ᠪᠠᠷ | ᠭᠦᠢᠴᠡᠳ ᠪᠤᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ ᠳᠤ ᠬᠡᠳᠦᠨ ᠦᠨᠳᠦᠰᠦᠨ | ᠵᠠᠷᠴᠢᠮ ᠢ ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠣᠮᠵᠢᠲᠤ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ | ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ | ᠣᠯᠠᠨ ᠤ ᠳᠠᠭᠠᠳᠬᠠᠯ ᠢ ︽ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠥᠮᠥᠰ ᠲᠤ ᠬᠢ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ | ᠡᠬᠢ ᠪᠠᠶᠠᠯᠢᠭ ᠤᠨ ᠬᠡᠯᠪᠠᠶᠢᠯᠲᠡ ᠶᠢ ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ ᠡᠵᠡᠩᠨᠡᠯᠲᠡ | ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ | ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ | ᠪᠣᠶᠢᠵᠢᠭᠤᠯᠬᠤ ᠬᠡᠷᠡᠭᠲᠡᠢ᠃ ᠲᠥᠯᠥᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ ᠲᠣᠭᠲᠠᠭᠠᠯ ᠳᠤ | ᠨᠡᠶᠢᠴᠡᠭᠰᠡᠨ ︽ᠲᠥᠯᠥᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ ᠦᠷᠭᠦᠯᠵᠢᠯᠡᠬᠦᠶᠢᠴᠡ ᠴᠢᠨᠠᠷ ᠢ ᠳᠡᠭᠡᠭᠰᠢᠯᠡᠭᠦᠯᠦᠨ᠎ᠡ᠃ | ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ᠂ ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ | ᠤᠷᠲᠤ ᠬᠤᠭᠤᠴᠠᠭᠠᠨ ᠤ ᠦᠶᠡᠯᠡᠯ ᠤᠨ ᠦᠨᠡᠯᠡᠨ ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠣᠷᠳᠣ | ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ | ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠰᠠᠨᠠᠯ︾ ᠤᠨ ᠨᠡᠶᠢᠲᠡᠯᠡᠭᠳᠡᠭᠰᠡᠨ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ ᠠᠷᠭ᠎ᠠ ᠬᠡᠮᠵᠢᠶ᠎ᠡ | ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠬᠡᠨ | ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ | ᠪᠣᠳᠠᠲᠠᠢ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠪᠣᠯ | ︽ᠰᠠᠨᠠᠯ︾ ᠤᠨ ᠴᠢᠬᠤᠯᠠ ᠦᠵᠡᠴᠡ ᠪᠣᠯᠣᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ ᠲᠠᠯ᠎ᠠ ᠪᠠᠷ᠂ ︽ᠰᠠᠨᠠᠯ︾ ᠳᠤ | ︽ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠲᠥᠯᠥᠬᠦ ᠴᠢᠳᠠᠪᠤᠷᠢ ᠳᠤ ᠲᠣᠬᠢᠷᠠᠬᠤ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠪᠠ ᠡᠷᠡᠭᠦᠯ | ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠶᠡᠭᠡ ᠪᠠᠷ ᠬᠥᠭᠵᠢᠭᠦᠯᠬᠦ︾ ︽ᠡᠮᠡᠭᠲᠡᠶᠢᠴᠦᠳ ᠤᠨ ︿ᠬᠤᠶᠠᠷ ᠥᠮᠡᠨ﹀᠂ ᠬᠡᠦᠬᠡᠳ ᠤᠨ ᠲᠥᠷᠥᠯᠬᠢ ᠴᠢᠨᠠᠷᠲᠠᠢ᠂ ᠬᠤᠪᠣᠷ | ᠲᠣᠬᠢᠶᠠᠯᠳᠤᠬᠤ ᠡᠪᠡᠳᠴᠢᠨ ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ ᠦᠭᠡᠢ᠂ ᠪᠠᠰᠠ | ᠪᠠᠷᠢᠯᠭ᠎ᠠ ᠶᠢᠨ ᠠᠵᠢᠯᠴᠢᠨ᠂ ᠲᠦᠷᠭᠡᠨ ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ ᠵᠢᠯᠣᠭᠤᠴᠢ᠂ | ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ ᠰᠢᠨ᠎ᠡ ᠠᠷᠠᠳ ᠤᠨ ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠣᠭᠰᠠᠳ ᠲᠤ ᠠᠩᠬᠠᠷᠤᠯ ᠢᠶᠠᠨ | ᠲᠥᠪᠯᠡᠷᠡᠭᠦᠯᠵᠦ᠂ ᠵᠣᠬᠢᠴᠠᠩᠭᠤᠢ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ | ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃ | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ ︽ᠰᠠᠨᠠᠯ︾ ᠳᠤ ︽ᠣᠷᠣᠯᠭ᠎ᠠ ᠶᠢᠨ | ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ | ᠰᠦᠢᠳᠬᠡᠯ ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ | ᠣᠨ ᠤ ᠮᠥᠩᠭᠦ ᠶᠢᠨ ᠦᠢᠯᠡᠳᠬᠦᠨ︾ ︽ᠡᠮᠴᠢᠯᠡᠭᠡᠨ ᠤ ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠦᠬᠦᠢ | ᠳᠠᠭᠠᠳᠬᠠᠯ ᠢ ᠢᠳᠡᠪᠬᠢᠲᠡᠢ ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ︾ ᠳᠤ ᠬᠥᠳᠡᠭᠡ ᠲᠣᠰᠬᠤᠨ ᠪᠠ ᠬᠢᠯᠢ ᠬᠢᠵᠠᠭᠠᠷ | ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ ᠵᠡᠷᠭᠡ ᠶᠢᠨ ᠪᠣᠳᠠᠲᠤ | ᠪᠠᠶᠢᠳᠠᠯ ᠪᠠ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ᠂ ᠡᠷᠡᠭᠦᠯ ᠮᠡᠨᠳᠦ ᠶᠢᠨ ᠳᠠᠭᠠᠳᠬᠠᠯ᠂ | ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ ᠭᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ | ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠢ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ | ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠬᠤᠯᠠ ᠬᠦᠴᠦᠨ ᠪᠣᠯᠣᠨ᠎ᠠ᠃ ᠣᠳᠣᠬᠠᠨ ᠳᠤ ᠳᠤᠮᠲᠠᠲᠦ ᠤᠯᠤᠰ ᠤᠨ ᠳᠠᠭᠠᠳᠬᠠᠯ ᠤᠨ ᠦᠢᠯᠡᠰ ᠲᠦᠷᠭᠡᠨ | ᠲᠠᠪᠰᠢᠭᠰᠠᠨ ᠪᠤᠯᠪᠠᠴᠦ ᠳᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶᠢᠨ᠎ᠠ᠃ ᠡᠨᠡ ᠬᠦ ᠠᠬᠤᠢ ᠪᠠᠶᠢᠳᠠᠯ ᠳᠤ᠂ ︽ᠰᠠᠨᠠᠯ︾ | ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ ᠳᠠᠷᠤᠶᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠠᠪᠬᠤ ᠨᠢ ᠲᠤᠶᠢᠯ ᠤᠨ ᠴᠢᠬᠤᠯᠠᠲᠠᠢ ᠶᠤᠮ᠃︾ ᠮᠥᠩᠭᠦᠨ ᠭᠦᠢᠯᠭᠡᠭᠡᠨ ᠤ | ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ ᠬᠡᠮᠵᠢᠶ᠎ᠡ ᠠᠴᠠ ᠦᠵᠡᠪᠡᠯ᠂ ︽ᠰᠠᠨᠠᠯ︾ | ᠨᠢ ᠳᠠᠭᠠᠳᠬᠠᠯ ᠤᠨ ᠦᠢᠯᠡᠳᠬᠦᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ | ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ | ᠢᠷᠡᠭᠡᠳᠦᠢ ᠶᠢᠨ ᠲᠠᠪᠤᠨ ᠵᠢᠯ ᠳᠤ᠂ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠰᠢᠰᠲ᠋ᠧᠮ ᠢ ᠦᠨᠳᠦᠰᠦᠨ ᠳᠤ ᠪᠠᠨ | ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ ᠲᠣᠳᠣᠷᠬᠠᠢ ᠬᠠᠷᠠᠯᠲᠠ ᠮᠥᠨ᠃ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠬᠦ ᠳᠤ ᠪᠠᠨ᠂ | ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ | ᠲᠣᠰ ᠪᠡᠶ᠎ᠡ ᠶᠢᠨ ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠢᠳᠡᠪᠬᠢᠲᠡᠢ | ᠣᠷᠣᠯᠴᠠᠬᠤ ᠪᠠ ᠠᠬᠢᠭᠤᠯᠬᠤ ᠬᠡᠷᠡᠭᠲᠡᠢ ᠭᠡᠵᠡᠢ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 ᠳ᠋ᠦᠩᠰᠢᠭᠤᠷ ᠲᠥᠭᠦᠷᠢᠭ ᠤᠨ᠂ ᠠᠩᠬᠠᠨ ᠤ | ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠤᠭᠤᠷᠤᠯᠴᠤᠳ ᠤᠨ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ | ᠰᠠᠭᠤᠷᠢ ᠮᠥᠩᠭᠦ ᠶᠢ ᠡᠬᠢᠯᠡᠨ ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ᠃ 2023 ᠣᠨ ᠤ | ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ | ᠲᠤᠬᠠᠶᠢᠯᠠᠭᠰᠠᠨ ᠠᠵᠢᠯ ᠤᠨ ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠳᠤ | ᠨᠠᠰᠤᠲᠠᠶᠢᠴᠤᠳ ᠵᠡᠷᠭᠡ ᠬᠥᠮᠥᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠥᠨ ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ | ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ | ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ | ᠭᠦᠢᠯᠭᠡᠭᠡᠨ ᠤ ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ ᠣᠷᠣᠭᠤᠯᠤᠨ᠎ᠠ︾ ᠭᠡᠵᠦ | ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ | ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ | ᠤᠨ ᠬᠠᠭᠤᠳᠠᠰᠤ ᠶᠢ ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ ᠪᠣᠯ ᠱᠠᠩᠬᠠᠢ ᠬᠤᠲᠠ ᠶᠢᠨ ᠠᠷᠠᠳ ᠲᠤ | ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠭᠡᠷ ᠪᠦᠯᠢ ᠶᠢᠨ ᠶᠡᠷᠦᠩᠬᠡᠶᠢᠯᠡᠭᠰᠡᠨ ᠳᠠᠭᠠᠳᠬᠠᠯ ᠮᠥᠨ᠂ | ︽ᠳᠠᠭᠠᠳᠬᠠᠯ+ᠦᠢᠯᠡᠴᠢᠯᠡᠭᠡ︾ ᠶᠢᠨ ᠰᠢᠨ᠎ᠡ ᠶᠢ ᠡᠭᠦᠳᠦᠭᠰᠡᠨ ᠬᠠᠶᠢᠨ ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠢ | ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠢ᠃ ᠡᠭᠦᠨ ᠠᠴᠠ ᠭᠠᠳᠠᠨ᠎ᠠ᠂ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ ᠨᠢ ᠪᠠᠰᠠ | ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠭᠡᠷ ᠤᠨ ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠪᠠᠷᠢᠮᠵᠢᠶᠠᠵᠢᠭᠤᠯᠤᠭᠰᠠᠨ᠂ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ | ᠮᠡᠷᠭᠡᠵᠢᠯ ᠢ ᠭᠦᠢᠴᠡᠳ ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠣᠶᠤᠨᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ ᠬᠠᠷᠢᠭᠤᠴᠠᠬᠤ᠂ ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ | ᠯᠠᠪᠯᠠᠬᠤ ᠵᠡᠷᠭᠡ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠡᠮᠵᠢᠶ᠎ᠡ ᠶᠢ ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ᠲᠥᠯᠥᠪᠡᠰᠦ ᠵᠣᠬᠢᠬᠤ ᠶᠢ ᠨᠢ ᠪᠦᠬᠦᠨ ᠢ | ᠲᠥᠯᠥᠵᠦ᠂ ᠲᠥᠯᠥᠵᠦ ᠳᠡᠶᠢᠯᠬᠦ ᠶᠢ ᠨᠢ ᠲᠦᠷᠭᠡᠨ ᠲᠥᠯᠥᠬᠦ﹀ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ | ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ | | | | |