︽ᠪᠠᠭ᠎ᠠ ᠠᠴᠠ ᠬᠡᠳᠦᠨ ᠮᠥᠩᠭᠦ᠂ ᠶᠡᠭᠡ ᠠᠴᠠ ᠬᠡᠳᠦᠨ ᠲᠦᠮᠡᠨ ᠲᠥᠭᠦᠷᠢᠭ ᠭᠦᠷᠲᠡᠯ᠎ᠡ ᠲᠣᠰᠬᠤᠨ ᠤ ᠵᠠᠷᠤᠴᠠᠭᠤᠯᠤᠭᠰᠠᠨ ᠵᠠᠷᠤᠳᠠᠯ ᠨᠢᠭᠡᠪᠦᠷᠢ ᠶᠢ ᠴᠥᠮ ᠢᠯᠡ | ᠪᠣᠯᠭᠠᠵᠠᠢ︾ ᠬᠡᠮᠡᠨ 11 ᠰᠠᠷ᠎ᠠ ᠶᠢᠨ 7 ᠤ ᠡᠳᠦᠷ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠶᠢᠨ ᠪᠦ᠋ ᠲᠣᠰᠬᠤᠨ ᠤ | ᠠᠷᠠᠳ ᠤᠨ ᠵᠥᠪᠯᠡᠯ ᠤᠨ ᠭᠡᠰᠢᠭᠦᠨ ᠯᠢᠦ ᠬᠤᠶ ᠲᠣᠰᠬᠤᠨ ᠤ ᠶᠠᠪᠤᠳᠠᠯ ᠢ ᠢᠯᠡ ᠪᠤᠯᠭᠠᠬᠤ ᠬᠤᠶᠠᠷ ᠬᠡᠮᠵᠢᠯᠲᠦ ᠺᠣᠳ᠋ ᠢ ᠵᠢᠭᠠᠭᠠᠳ ᠰᠤᠷᠪᠤᠯᠵᠢᠯᠠᠬᠴᠢ ᠳᠤ | ᠲᠠᠨᠢᠯᠴᠠᠭᠤᠯᠤᠨ᠎ᠠ᠃ ᠰᠤᠷᠪᠤᠯᠵᠢᠯᠠᠬᠴᠢ ᠭᠠᠷ ᠤᠲᠠᠰᠤ ᠪᠠᠷ ᠬᠤᠶᠠᠷ ᠬᠡᠮᠵᠢᠯᠲᠦ ᠺᠣᠳ᠋ ᠢ ᠰᠢᠷᠪᠢᠭᠰᠡᠨ ᠳᠤ ᠲᠣᠰᠬᠤᠨ ᠤ ᠶᠠᠪᠤᠳᠠᠯ ᠤᠨ ᠮᠡᠳᠡᠭᠡ ᠵᠠᠩᠭᠢ ᠭᠠᠷ ᠤᠲᠠᠰᠤᠨ | ᠳᠡᠭᠡᠷ᠎ᠡ ᠢᠯᠡᠷᠡᠵᠦ᠂ ᠪᠦᠭᠦ ᠵᠠᠷᠤᠳᠠᠯ ᠤᠨ ᠪᠠᠶᠢᠳᠠᠯ ᠲᠣᠪ ᠲᠣᠳᠣᠷᠬᠠᠢ ᠪᠠᠶᠢᠯ᠎ᠠ᠃ | ︽ᠲᠤᠰᠬᠤᠨ ᠤ ᠱᠠᠲᠤᠨ ᠤ ᠡᠳ᠋ ᠤᠨ ᠶᠠᠪᠤᠳᠠᠯ ᠠᠷᠠᠳᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠭᠰᠡᠨ ᠨᠢ ᠲᠤᠰᠬᠤᠨ ᠤ ᠠᠷᠠᠳ ᠤᠨ ᠪᠠᠶᠢᠳᠠᠯ ᠢ ᠮᠡᠳᠡᠬᠦ | ᠡᠷᠬᠡ ᠪᠠ ᠬᠢᠨᠠᠯᠲᠠ ᠲᠠᠯᠪᠢᠬᠤ ᠡᠷᠬᠡ ᠶᠢ ᠨᠡᠩ ᠰᠠᠶᠢᠨ ᠪᠠᠲᠤᠯᠠᠵᠠᠢ︾ ᠭᠡᠵᠦ ᠶᠢᠨ ᠪᠦ᠋ ᠲᠣᠰᠬᠤᠨ ᠤ ᠨᠠᠮ ᠤᠨ ᠡᠭᠦᠷ ᠤᠨ ᠱᠦᠵᠢ ᠴᠧᠨ ᠮᠣᠣ ᠸᠧᠢ ᠬᠡᠯᠡᠵᠦ ᠪᠠᠶᠢᠪᠠ᠂ | ᠲᠡᠷᠡ᠄︽ᠤᠤᠯ ᠨᠢ ᠲᠣᠰᠬᠤᠨ ᠤ ᠶᠠᠪᠤᠳᠠᠯ ᠤᠨ ᠮᠡᠳᠡᠭᠡ ᠵᠠᠩᠭᠢ ᠶᠢ ᠪᠦᠷ ᠭᠠᠳᠠᠨᠠᠬᠢ ᠤᠬᠠᠭᠤᠯᠭ᠎ᠠ ᠶᠢᠨ ᠪᠤᠯᠤᠩ ᠳᠤ ᠳᠡᠯᠭᠡᠵᠦ᠂ ᠲᠣᠰᠬᠤᠨ ᠤ ᠠᠷᠠᠳ ᠪᠣᠳᠠᠲᠠᠢ | ᠲᠣᠰᠬᠤᠨ ᠤ ᠶᠠᠪᠤᠳᠠᠯ ᠢ ᠣᠶᠢᠯᠠᠭᠠᠶ᠎ᠠ ᠭᠡᠪᠡᠯ ᠲᠣᠰᠬᠤᠨ ᠤ ᠠᠷᠠᠳ ᠤᠨ ᠵᠥᠪᠯᠡᠯ ᠳᠤ ᠣᠴᠢᠬᠤ ᠴᠢᠬᠤᠯᠠ ᠲᠠᠢ᠂ ᠭᠡᠬᠦ ᠳᠤ ᠤᠯᠠᠨ ᠲᠣᠰᠬᠤᠨ ᠤ ᠠᠷᠠᠳ ᠵᠢᠯ ᠲᠤᠷᠰᠢ | ᠭᠠᠳᠠᠭᠰᠢ ᠭᠠᠷᠴᠤ ᠬᠥᠯᠥᠰᠦᠨ ᠠᠵᠢᠯ ᠬᠢᠵᠦ᠂ ᠲᠣᠰᠬᠤᠨ ᠤ ᠶᠠᠪᠤᠳᠠᠯ ᠢ ᠣᠶᠢᠯᠠᠭᠠᠵᠤ ᠲᠡᠶᠢᠯᠭᠦ ᠦᠭᠡᠢ ᠪᠠᠶᠢᠳᠠᠭ᠂ ︿ᠨᠢᠭᠡ ᠲᠣᠰᠬᠤᠨ ᠨᠢᠭᠡ ᠺᠣᠳ᠋﹀ ᠤᠨ ᠢᠯᠡ | ᠲᠠᠪᠴᠠᠩ ᠢ ᠬᠡᠷᠡᠭᠯᠡᠭᠰᠡᠨ ᠠᠴᠠ ᠲᠣᠰᠬᠤᠨ ᠤ ᠶᠠᠪᠤᠳᠠᠯ ᠢ ᠢᠯᠡ ᠪᠤᠯᠭᠠᠬᠤ ᠬᠦᠴᠢᠷ ᠠᠰᠠᠭᠤᠳᠠᠯ ᠪᠣᠯᠣᠨ ᠲᠦᠭᠵᠢᠷᠡᠯ ᠤᠨ ᠠᠰᠠᠭᠤᠳᠠᠯ ᠢ ᠲᠤᠶᠢᠯᠪᠤᠷᠢᠲᠠᠢ | ᠰᠢᠢᠳᠪᠦᠷᠢᠯᠡᠵᠡᠢ︾ ᠭᠡᠵᠦ ᠶᠠᠷᠢᠨ᠎ᠠ᠃ | ᠲᠣᠰᠬᠤᠨ ᠤ ᠱᠠᠲᠤᠨ ᠤ ᠡᠳ᠋ ᠤᠨ ᠶᠠᠪᠤᠳᠠᠯ ᠢ ᠢᠯᠡ ᠪᠤᠯᠭᠠᠬᠤ ᠶᠢᠨ ᠲᠥᠯᠥᠭᠡ᠂ ᠪᠠᠶᠠᠨᠨᠠᠭᠤᠷ ᠬᠤᠲᠠ ᠲᠣᠰᠬᠤᠨ ᠤ ᠶᠠᠪᠤᠳᠠᠯ ᠢ ᠢᠯᠡ ᠪᠤᠯᠭᠠᠬᠤ ᠮᠡᠳᠡᠭᠡ | ᠵᠠᠩᠭᠢ ᠶᠢᠨ ᠲᠠᠪᠴᠠᠩ ᠢ ᠬᠡᠷᠡᠭᠵᠢᠭᠦᠯᠵᠦ᠂ ᠲᠤᠬᠠᠶᠢᠯᠠᠪᠠᠯ ︽ᠨᠢᠭᠡ ᠲᠣᠰᠬᠤᠨ ᠨᠢᠭᠡ ᠺᠣᠳ᠋︾ ᠤᠨ ᠲᠣᠰᠬᠤᠨ ᠤ ᠶᠠᠪᠤᠳᠠᠯ ᠢ ᠢᠯᠡ ᠪᠤᠯᠭᠠᠬᠤ ᠵᠠᠭᠪᠤᠷ ᠢ | ᠬᠡᠷᠡᠭᠵᠢᠭᠦᠯᠵᠦ᠂ ᠲᠣᠰᠬᠤᠨ ᠪᠠ ᠨᠡᠶᠢᠭᠡᠮ ᠲᠣᠭᠤᠷᠢᠭ ᠨᠢᠭᠡᠪᠦᠷᠢ ᠳᠤ ᠲᠤᠰᠬᠠᠢ ᠬᠠᠷᠢᠶᠠᠯᠠᠭᠳᠠᠬᠤ ᠬᠤᠶᠠᠷ ᠬᠡᠮᠵᠢᠯᠲᠦ ᠺᠣᠳ᠋ ᠲᠠᠢ ᠪᠠᠶᠢᠵᠤ᠂ ᠵᠠᠰᠠᠭ ᠤᠨ ᠶᠠᠪᠤᠳᠠᠯ᠂ | ᠡᠳ᠋ ᠤᠨ ᠶᠠᠪᠤᠳᠠᠯ ᠵᠡᠷᠭᠡ ᠮᠡᠳᠡᠭᠡ ᠵᠠᠩᠭᠢ ᠶᠢ ᠲᠣᠳᠣᠷᠬᠠᠢ ᠵᠢᠭᠰᠠᠭᠠᠪᠠ᠃︽ᠲᠣᠰᠬᠤᠨ ᠤ ᠠᠷᠠᠳ ᠤᠨ ᠵᠥᠪᠯᠡᠯ ᠰᠠᠷ᠎ᠠ ᠪᠦᠷᠢ ᠶᠠᠮᠠᠷ ᠶᠠᠪᠤᠳᠠᠯ ᠬᠢᠭᠰᠡᠨ᠂ ᠬᠡᠳᠦᠢ ᠵᠣᠭᠤᠰ | ᠵᠠᠷᠤᠴᠠᠭᠤᠯᠤᠭᠰᠠᠨ ᠢ ᠪᠢᠲᠡ ᠪᠦᠷ ᠲᠣᠳᠣᠷᠬᠠᠢ ᠮᠡᠳᠡᠬᠦ ᠪᠣᠯᠤᠭᠰᠠᠨ ᠶᠤᠮ︾ ᠬᠡᠮᠡᠨ ᠦᠶᠤᠸᠠᠨ ᠰᠢᠶᠠᠨ ᠤ ᠹᠦ᠋ ᠰᠢᠩ ᠪᠠᠯᠭᠠᠰᠤᠨ ᠤ ᠶᠦᠩ ᠹᠧᠩ ᠲᠣᠰᠬᠤᠨ ᠤ | ᠠᠷᠠᠳ ᠴᠧᠨ ᠯᠢ ᠹᠧᠩ ᠭᠠᠷ ᠤᠲᠠᠰᠤ ᠪᠠᠷ ᠢᠶᠠᠨ ᠲᠠᠷᠢᠶᠠᠴᠢᠳ ᠲᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢ ᠡᠷᠢᠵᠦ ᠦᠵᠡᠬᠦ ᠶᠢᠨ | ᠳᠠᠭᠠᠤ ᠰᠤᠷᠪᠤᠯᠵᠢᠯᠠᠬᠴᠢ ᠳᠤ ᠬᠡᠯᠡᠨ᠎ᠡ᠃ ︽ᠵᠠᠰᠠᠭ ᠤᠨ ᠶᠠᠪᠤᠳᠠᠯ︾ ᠪᠤᠯᠤᠩ ᠳᠤ ᠲᠣᠰᠬᠤᠨ ᠤ ᠠᠷᠠᠳ ᠤᠨ ᠠᠰᠢᠭ ᠲᠤᠰᠠ ᠲᠠᠢ ᠬᠤᠯᠪᠣᠭᠳᠠᠭᠰᠠᠨ ᠨᠠᠰᠤᠵᠢᠯ ᠤᠨ | ᠠᠰᠠᠷᠠᠮᠵᠢ ᠶᠢᠨ ᠮᠥᠩᠭᠦ᠂ ᠲᠦᠷ ᠴᠠᠭ ᠤᠨ ᠨᠥᠬᠦᠪᠦᠷᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ ᠤᠨ ᠨᠡᠷᠡᠰ ᠵᠡᠷᠭᠡ ᠠᠭᠤᠯᠭ᠎ᠠ ᠶᠢ ᠨᠢᠭᠡᠳ | ᠨᠢᠭᠡ ᠪᠠᠷ ᠨᠠᠷᠢᠨ ᠵᠢᠭᠰᠠᠭᠠᠭᠰᠠᠨ ᠬᠠᠷᠠᠭᠳᠠᠨ᠎ᠠ᠃ | ︽ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠦᠭᠡᠢ ᠨᠠᠰᠤᠲᠠᠶᠢᠴᠤᠳ ᠲᠤ ᠴᠢᠭᠯᠡᠭᠦᠯᠦᠨ᠂ ᠪᠢᠳᠡ ᠮᠥᠨ ᠬᠦ ᠪᠣᠳᠠᠲᠤ ᠴᠣᠭᠴᠠ ᠶᠢᠨ ᠢᠯᠡ ᠨᠡᠶᠢᠲᠡᠯᠡᠬᠦ | ᠪᠤᠯᠤᠩ ᠢ ᠦᠯᠡᠳᠡᠭᠡᠵᠦ᠂ ᠲᠣᠰᠬᠤᠨ ᠤ ᠱᠠᠲᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠲᠣᠰᠬᠤᠨ ᠤ ᠠᠷᠠᠳ ᠤᠨ ᠠᠵᠢᠯᠯᠠᠭᠠᠨ ᠤ | ᠲᠠᠯᠠᠪᠤᠷ ᠲᠤ ᠲᠣᠰᠬᠤᠨ ᠤ ᠶᠠᠪᠤᠳᠠᠯ ᠢ ᠢᠯᠡ ᠨᠡᠶᠢᠲᠡᠯᠡᠬᠦ ᠪᠤᠯᠤᠩ ᠭᠠᠷᠭᠠᠵᠤ᠂ ᠲᠣᠰᠬᠤᠨ ᠤ ᠶᠠᠪᠤᠳᠠᠯ ᠢ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠵᠡᠷᠭᠡ ᠪᠠᠷ | ᠢᠯᠡ ᠨᠡᠶᠢᠲᠡᠯᠡᠬᠦ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ᠬᠢᠨᠠᠯᠲᠠ ᠶᠢ ᠬᠦᠯᠢᠶᠡᠵᠦ ᠪᠠᠶᠢᠨ᠎ᠠ︾ ᠭᠡᠵᠦ ᠶᠦᠩ ᠹᠧᠩ ᠲᠣᠰᠬᠤᠨ ᠤ ᠨᠠᠮ ᠤᠨ ᠡᠭᠦᠷ ᠤᠨ ᠱᠦᠵᠢ | ᠯᠢ ᠰᠢᠶᠣᠣ ᠰᠧ ᠲᠠᠨᠢᠯᠴᠠᠭᠤᠯᠤᠨ᠎ᠠ᠃ | ᠨᠢᠭᠡ ᠬᠤᠶᠠᠷ ᠬᠡᠮᠵᠢᠯᠲᠦ ᠺᠣᠳ᠋ ᠪᠣᠯ ᠳᠠᠷᠤᠢ ᠨᠢᠭᠡ ᠳᠡᠪᠲᠡᠷ ᠲᠣᠰᠬᠤᠨ ᠤ ᠱᠠᠲᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠳᠣᠷᠬᠠᠢ ᠳᠠᠩᠰᠠ | ᠪᠣᠯᠣᠨ᠎ᠠ᠃ ᠲᠣᠰ ᠲᠠᠪᠴᠠᠩ ᠢ ᠠᠵᠢᠯᠯᠠᠭᠤᠯᠤᠭᠰᠠᠨ ᠠᠴᠠ ᠨᠠᠭᠠᠰᠢ᠂ ᠪᠦᠭᠦ ᠬᠤᠲᠠ ᠶᠢᠨ 652 ᠭᠠᠴᠠᠭ᠎ᠠ ᠲᠣᠰᠬᠤᠨ᠂ 140 ᠨᠡᠶᠢᠭᠡᠮ ᠲᠣᠭᠤᠷᠢᠭ ᠨᠡᠶᠢᠲᠡ 17.5 | ᠲᠦᠮᠡᠨ ᠲᠣᠰᠬᠤᠨ ᠤ ᠶᠠᠪᠤᠳᠠᠯ ᠢ ᠢᠯᠡ ᠪᠤᠯᠭᠠᠵᠤ᠂ ᠲᠣᠰᠬᠤᠨ ᠪᠦᠷᠢ ᠰᠠᠷ᠎ᠠ ᠳᠤᠮᠳᠠᠴᠢ ᠪᠠᠷ 7 ᠲᠤᠰᠬᠤᠨ ᠤ ᠶᠠᠪᠤᠳᠠᠯ ᠢ ᠢᠯᠡ ᠪᠤᠯᠭᠠᠵᠤ᠂ ᠲᠣᠰᠬᠤᠨ ᠤ | ᠶᠠᠪᠤᠳᠠᠯ ᠢ ᠢᠯᠡ ᠪᠤᠯᠭᠠᠬᠤ ᠬᠡᠮᠵᠢᠶ᠎ᠡ ᠥᠨᠳᠥᠷ ᠪᠢᠰᠢ᠂ ᠳᠥᠭᠦᠮ ᠦᠭᠡᠢ᠂ ᠬᠠᠮᠤᠷᠬᠤ ᠬᠡᠪᠴᠢᠶ᠎ᠡ ᠬᠦᠷᠦᠯᠴᠡᠬᠦ ᠦᠭᠡᠢ ᠵᠡᠷᠭᠡ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ᠃ | ︽ᠪᠠᠶᠠᠨᠨᠠᠭᠤᠷ ᠬᠤᠲᠠ ᠪᠤᠶ ᠪᠦᠬᠦᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠲᠤᠰᠬᠠᠢ ᠬᠠᠷᠢᠶᠠᠯᠠᠭᠳᠠᠬᠤ ᠬᠤᠶᠠᠷ ᠬᠡᠮᠵᠢᠯᠲᠦ ᠺᠣᠳ᠋ ᠵᠣᠬᠢᠶᠠᠨ | ᠬᠤᠪᠢᠶᠠᠷᠢᠯᠠᠵᠤ᠂ ︿ᠨᠢᠭᠡ ᠲᠣᠰᠬᠤᠨ ᠨᠢᠭᠡ ᠺᠣᠳ᠋ ᠲᠠᠢ﹀ ᠲᠣᠰᠬᠤᠨ ᠤ ᠶᠠᠪᠤᠳᠠᠯ ᠢ ᠢᠯᠡ ᠪᠤᠯᠭᠠᠬᠤ ᠵᠠᠭᠪᠤᠷ ᠢ ᠬᠡᠷᠡᠭᠵᠢᠭᠦᠯᠵᠦ᠂ ᠲᠣᠰᠬᠤᠨ ᠤ ᠶᠠᠪᠤᠳᠠᠯ ᠢ ᠢᠯᠡ | ᠪᠤᠯᠭᠠᠬᠤ ᠠᠭᠤᠯᠭ᠎ᠠ ᠶᠢ ᠴᠠᠭ ᠢᠶᠠᠷ ᠨᠢ ᠴᠠᠭ ᠲᠤᠬᠠᠢ ᠳᠤᠨᠢ ᠢᠯᠡ ᠪᠤᠯᠭᠠᠬᠤ ᠵᠦᠢᠯᠡᠰ᠂ ᠤᠯᠠᠷᠢᠯ ᠤᠨ ᠢᠯᠡ ᠪᠤᠯᠭᠠᠬᠤ ᠵᠦᠢᠯᠡᠰ᠂ ᠬᠠᠭᠠᠰ ᠵᠢᠯ ᠤᠨ ᠢᠯᠡ ᠪᠤᠯᠭᠠᠬᠤ | ᠵᠦᠢᠯᠡᠰ᠂ ᠵᠢᠯ ᠤᠨ ᠡᠴᠦᠰ ᠲᠤ ᠢᠯᠡ ᠪᠤᠯᠭᠠᠬᠤ ᠵᠦᠢᠯᠡᠰ ᠵᠡᠷᠭᠡ ᠳᠥᠷᠪᠡᠨ ᠬᠡᠰᠡᠭ ᠪᠣᠯᠭᠠᠨ ᠬᠤᠪᠢᠶᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ | ᠢᠨᠵᠧᠨᠧᠷᠢᠩ ᠲᠥᠷᠥᠯ ᠵᠦᠢᠯ᠂ ᠬᠦᠴᠢᠷᠳᠡᠯ ᠠᠴᠠ ᠠᠪᠤᠷᠠᠨ ᠲᠤᠰᠠᠯᠠᠬᠤ ᠵᠡᠷᠭᠡ 25 ᠢᠯᠡ ᠪᠤᠯᠭᠠᠬᠤ ᠵᠦᠢᠯᠡᠰ ᠢ ᠪᠠᠲᠤᠯᠠᠨ ᠲᠣᠭᠲᠠᠭᠠᠬᠤ ᠶᠢᠨ ᠬᠠᠮᠲᠤ ᠢᠯᠡ | ᠪᠤᠯᠭᠠᠬᠤ ᠲᠠᠰ ᠳᠠᠷᠠᠭᠠᠯᠠᠯ ᠢ ᠲᠣᠳᠣᠷᠬᠠᠶᠢᠯᠠᠵᠤ᠂ ᠲᠣᠰᠬᠤᠨ ᠤ ᠶᠠᠪᠤᠳᠠᠯ ᠢ ᠢᠯᠡ ᠪᠤᠯᠭᠠᠬᠤ ᠠᠭᠤᠯᠭ᠎ᠠ ᠨᠢ ᠪᠦᠭᠦ ᠲᠠᠯ᠎ᠠ ᠶᠢᠨ᠂ ᠲᠠᠰ ᠳᠠᠷᠠᠭᠠᠯᠠᠯ ᠨᠢ | ᠪᠠᠷᠢᠮᠵᠢᠶᠠᠵᠢᠭᠰᠠᠨ ᠵᠢᠷᠤᠮ ᠲᠠᠢ ᠪᠠᠶᠢᠬᠤ ᠶᠢ ᠪᠡᠶᠡᠯᠡᠭᠦᠯᠦᠨ᠎ᠡ︾ ᠬᠡᠮᠡᠨ ᠪᠠᠶᠠᠨᠨᠠᠭᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ | ᠽᠦᠸᠧ ᠯᠢᠶᠠᠩ ᠲᠠᠨᠢᠯᠴᠠᠭᠤᠯᠤᠨ᠎ᠠ᠃ | |