8 ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/8/12

      ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ ᠨᠡᠶᠢᠳᠬᠡᠵᠦ ︿ᠺᠣᠳ᠋ ᠢᠶᠠᠨ

ᠦᠵᠡᠭᠦᠯᠦᠭᠰᠡᠭᠡᠷ ᠭᠦᠢᠴᠡᠳᠬᠡᠵᠦ ᠪᠣᠯᠬᠤ﹀ ᠠᠵᠢᠯ ᠢ ᠠᠬᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ

ᠠᠯᠪᠠᠨ ᠲᠢᠩᠬᠢᠮ ᠤᠨ ᠮᠡᠳᠡᠭᠳᠡᠯ︾᠎ ᠳᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠵᠢᠭ ᠫᠷᠣᠭ᠍ᠷᠠᠮ ᠪᠠ

ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ

ᠲᠦᠰᠢᠭᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ ᠲᠤᠰᠢᠶᠠᠨ

ᠬᠠᠳᠠᠭᠠᠯᠠᠭᠰᠠᠨ ᠭᠡᠷᠡᠴᠢ᠂ ᠣᠨᠳᠣᠣ ᠭᠠᠵᠠᠷ ᠲᠤ ᠵᠢᠭᠡᠯᠡᠯᠭᠡ ᠲᠤᠰᠢᠶᠠᠨ ᠬᠠᠳᠠᠭᠠᠯᠠᠭᠰᠠᠨ ᠭᠡᠷᠡᠴᠢ ᠪᠠ ᠵᠢᠭᠡᠯᠡᠯᠭᠡ ᠶᠢ ᠪᠣᠳᠣᠵᠤ ᠳᠠᠭᠤᠰᠬᠠᠭᠰᠠᠨ ᠭᠡᠷᠡᠴᠢ ᠵᠡᠷᠭᠡ ᠬᠤᠪᠢ

ᠬᠥᠮᠥᠨ ᠤ ᠭᠡᠷᠡᠴᠢ ᠶᠢ ᠭᠤᠶᠤᠴᠢᠯᠠᠵᠤ ᠠᠪᠬᠤ ᠦᠶ᠎ᠡ ᠳᠤ᠂ ᠬᠤᠪᠢ ᠬᠥᠮᠥᠨ ᠳᠤ ᠨᠢ ᠴᠠᠭ ᠲᠤᠬᠠᠢ ᠳᠤ ᠨᠢ ᠰᠦᠯᠵᠢᠶ᠎ᠡ ᠪᠠᠷ ᠭᠠᠷᠭᠠᠵᠤ ᠥᠭᠬᠦ᠂ ᠠᠷᠤ ᠲᠠᠪᠴᠠᠩ ᠳᠤ

ᠠᠦ᠋ᠲ᠋ᠣ᠋ ᠪᠠᠶᠢᠴᠠᠭᠠᠨ ᠰᠢᠯᠭᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠵᠠᠢ᠂ ᠣᠳᠣ ᠨᠢᠭᠡᠳᠦᠯᠲᠡᠢ ︽ᠡᠯᠧᠺᠲᠷᠣᠨ ᠺᠣᠳ᠋︾᠎ ᠢᠶᠠᠷ ᠤᠤᠯ ᠤᠨ 3 ᠵᠦᠢᠯ ᠤᠨ

ᠴᠠᠭᠠᠰᠤᠨ ᠭᠡᠷᠡᠴᠢ ᠶᠢ ᠣᠷᠣᠯᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ

︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾᠎ ᠶᠢ ᠪᠡᠶᠡᠯᠡᠭᠦᠯᠦᠨ᠎ᠡ ᠭᠡᠵᠦ ᠳᠤᠷᠠᠳᠪᠠ᠃ 2024 ᠣᠨ ᠤ 8 ᠳ᠋ᠤᠭᠠᠷ ᠰᠠᠷ᠎ᠠ ᠠᠴᠠ ᠡᠬᠢᠯᠡᠨ᠂ ᠣᠷᠣᠨ

ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ

ᠪᠣᠯᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠪᠡ᠃

        ᠺᠣᠳ᠋ ᠢ ᠰᠢᠷᠪᠢᠵᠦ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠵᠢᠵᠢᠭ ᠫᠷᠣᠭ᠍ᠷᠠᠮ ᠳᠤ ᠣᠷᠣᠭᠠᠷᠠᠢ

      【 ᠪᠦᠬᠦ ᠤᠯᠤᠰ ᠤᠨ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠯᠭ᠎ᠠ ᠶᠢᠨ ᠮᠥᠩᠭᠦ 】᠎ ᠶᠢᠨ ᠦᠢᠯᠡᠴᠢᠯᠡᠭᠡ

微信截图_20240812185349.png

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ