ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠠᠪᠤᠭᠳᠠᠪᠠ  ᠵᠧᠩ ᠭᠤᠸᠠᠩ ᠵᠤᠤ  ᠶᠠᠩ ᠽᠥᠩ ᠷᠧᠨ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠴᠠᠢ
  
2024/8/20
  

    8 ᠰᠠᠷ᠎ᠠ ᠶᠢᠨ 14᠎ ᠠᠴᠠ 16᠎ ᠤ ᠡᠳᠦᠷ ᠪᠤᠯᠲᠠᠯ᠎ᠠ᠂ ᠪᠦᠭᠦ

ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ

ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ

ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ

ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠭᠦᠭᠡᠬᠤᠲᠠ ᠳᠤ

ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ

ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ

ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠲᠤᠰᠬᠠᠢ

ᠰᠡᠳᠦᠪ ᠢᠶᠠᠷ ᠬᠠᠪᠰᠤᠷᠤᠨ ᠵᠢᠯᠣᠭᠤᠳᠪᠠ᠃

    ᠲᠣᠰ ᠤᠳᠠᠭ᠎ᠠ ᠶᠢᠨ ᠪᠣᠯᠪᠠᠰᠤᠷᠠᠯ ᠨᠢ 《ᠵᠠᠩᠭᠢᠯᠠᠭ᠎ᠠ ᠶᠢᠨ

ᠴᠥᠭᠡᠨ ᠲᠣᠭᠠᠲᠠᠨ》 ᠠᠩᠬᠠᠷᠤᠯ ᠢᠶᠠᠨ ᠲᠥᠪᠯᠡᠷᠡᠭᠦᠯᠵᠦ᠂

ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ

ᠭᠦᠨᠵᠡᠭᠡᠢ ᠰᠤᠷᠤᠯᠴᠠᠨ ᠪᠠᠲᠤ ᠢᠲᠡᠭᠡᠵᠦ

ᠦᠢᠯᠡᠳᠦᠯᠭᠡᠵᠢᠭᠦᠯᠦᠨ᠂ ᠨᠠᠮ ᠤᠨ ᠬᠤᠷᠢᠳᠤᠭᠠᠷ ᠬᠤᠭᠤᠴᠠᠭᠠᠨ ᠤ

ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ

ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠨᠠᠷᠢᠨ

ᠪᠤᠳᠤᠯᠢᠶᠠᠨᠲᠠᠢ ᠲᠡᠮᠡᠴᠡᠯ ᠢ ᠠᠷᠭᠠᠴᠠᠭᠠᠬᠤ᠂ ᠠᠶᠤᠯ

ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠥᠭᠡᠷᠡᠴᠢᠯᠡᠯᠲᠡ

ᠬᠢᠵᠦ ᠰᠢᠨ᠎ᠡ ᠶᠢ ᠡᠭᠦᠳᠬᠦ ᠪᠠ ᠴᠢᠨᠠᠷ ᠰᠠᠶᠢᠲᠠᠢ

ᠬᠥᠭᠵᠢᠯᠲᠡ ᠶᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ

ᠳᠡᠭᠡᠭᠰᠢᠯᠡᠭᠦᠯᠵᠦ᠂ ᠥᠪᠥᠷ ᠮᠣᠩᠭᠤᠯ ᠤᠨ ᠤᠯᠤᠰ ᠲᠥᠷᠥ ᠬᠠᠤᠯᠢ

ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ

ᠦᠭᠡᠢ ᠡᠭᠦᠳᠬᠦ ᠪᠣᠯᠣᠨ᠎ᠠ᠃

   

 

     

 

 

  ᠥᠪᠥᠷ ᠮᠣᠩᠭᠤᠯ ᠤᠨ ᠡᠳᠦᠷ ᠤᠨ ᠰᠣᠨᠢᠨ