| | | ᠰᠤᠷᠪᠤᠯᠵᠢᠯᠠᠭᠴᠢ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠤᠯᠵᠤ ᠮᠡᠳᠡᠭᠰᠡᠨ ᠢᠶᠠᠷ ᠂ ᠬᠡᠰᠡᠭ ᠬᠥᠳᠡᠭᠡ ᠲᠣᠰᠬᠤᠨ ᠤ ᠣᠷᠴᠢᠨ | ᠲᠤᠭᠤᠷᠢᠨ ᠢ ᠴᠡᠭᠴᠡᠯᠡᠨ ᠵᠠᠰᠠᠭᠰᠠᠨ ᠤ ᠳᠠᠷᠠᠭ᠎ᠠ ᠨᠠᠩ ︽ ᠬᠤᠲᠠᠴᠢᠯᠠᠵᠦ ︾ ᠂ ᠲᠣᠰᠬᠤᠨ ᠢᠶᠠᠷ ᠶᠠᠪᠤᠬᠤ ᠳᠤ ᠲᠠᠬᠢᠶᠠᠨ ᠲᠠᠭᠤᠨ ᠰᠣᠨᠣᠰᠳᠠᠬᠤ ᠪᠠᠨ ᠪᠤᠯᠢᠵᠤ ᠂ | ᠨᠠᠭᠤᠷ ᠴᠥᠭᠦᠷᠥᠮ ᠳᠤ ᠨᠤᠭᠤᠰᠤ ᠭᠠᠯᠠᠭᠤ ᠬᠠᠷᠠᠭᠳᠠᠬᠤ ᠥᠬᠡᠶ ᠪᠣᠯᠵᠠᠶ᠃ ᠡᠷᠦᠬᠡ ᠪᠦᠷᠢ ᠬᠡᠳᠦᠨ ᠲᠠᠬᠢᠶ᠎ᠠ ᠲᠡᠵᠢᠭᠡᠬᠦ ᠳᠤ ᠬᠡᠳᠦᠶ ᠯᠡ ᠶᠡᠭᠡ ᠪᠣᠬᠢᠷᠲᠤᠯ ᠲᠠᠢ | ᠪᠤᠯᠭᠠᠴᠢᠬᠤ ᠶᠤᠮ ᠪᠤᠢ︖ ᠭᠡᠵᠦ ᠵᠠᠷᠢᠮ ᠲᠣᠰᠬᠤᠨ ᠤ ᠠᠷᠠᠳ ᠣᠶᠢᠯᠠᠭᠠᠬᠤ ᠥᠬᠡᠶ ᠪᠠᠶᠢᠨ᠎ᠠ᠃ | ᠲᠣᠰᠬᠤᠨ ᠤ ︽ ᠵᠠᠩᠭᠢᠯᠠᠭ᠎ᠠ ᠶᠢᠨ ᠪᠠᠭ᠎ᠠ ᠶᠠᠪᠤᠳᠠᠯ ︾ ᠢ ᠰᠠᠶᠢᠲᠤᠷ ᠬᠢᠬᠦ ᠳᠤ ᠲᠠᠷᠢᠶᠠᠴᠢᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠢᠯᠡᠷᠡᠭᠦᠯᠬᠦ | ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠤᠷᠢᠳ ᠢᠶᠠᠷ ᠲᠣᠰᠬᠤᠨ ᠤ ᠠᠷᠠᠳ ᠠᠴᠠ ᠶᠠᠭᠤᠨ ᠳᠤ | ᠲᠤᠷᠠᠳᠠᠢ ᠶᠢ ᠠᠰᠠᠭᠤᠬᠤ ᠬᠡᠷᠡᠭᠲᠡᠶ᠃ ᠭᠠᠴᠠᠭᠠᠨ ᠤ ᠠᠷᠠᠳ ᠢ ᠤᠷᠤᠯᠴᠠᠭᠤᠯᠬᠤ ᠦᠭᠡᠢ ᠪᠤᠶᠤ ᠭᠡᠷᠡᠭᠵᠢᠬᠦᠯᠬᠦ ᠶᠠᠪᠤᠴᠠ ᠳᠤ ᠠᠷᠠᠳ ᠤᠨ ᠬᠦᠰᠡᠯ ᠰᠠᠨᠠᠭ᠎ᠠ ᠶᠢ | ᠰᠣᠨᠣᠰᠬᠤ ᠦᠭᠡᠢ ᠳᠤ ᠬᠦᠷᠪᠡᠯ ᠳᠠᠷᠤᠢ ᠡᠶᠢᠮᠦ ᠪᠤᠶᠤ ᠲᠡᠶᠢᠮᠦ ᠠᠰᠠᠭᠤᠳᠠᠯ ᠭᠠᠷᠬᠤ ᠪᠤᠯᠤᠨ᠎ᠠ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠂ ᠮᠠᠯ | ᠵᠢᠭᠦᠷᠲᠡᠨ ᠤ ᠪᠠᠭᠠᠰᠤ ᠰᠢᠭᠡᠰᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠂ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠬᠢᠬᠦ ᠭᠡᠬᠦ ᠮᠡᠳᠦ ᠶᠢᠨ ᠵᠢᠵᠢᠭ ᠰᠠᠵᠢᠭ ᠵᠦᠢᠯᠡᠰ ᠲᠤ ᠴᠥᠮ ᠡᠶᠢᠮᠦ ᠪᠠᠶᠢᠬᠤ ᠭᠡᠷᠡᠭᠳᠡᠢ᠃ | ᠵᠢᠱᠢᠶᠡᠯᠡᠪᠡᠯ ᠂ ᠣᠨᠴᠠ ᠵᠠᠷᠢᠮ ᠭᠠᠵᠠᠷ ᠤᠨ ᠬᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤᠮᠳᠠ ︽ ᠨᠢᠭᠡ ᠯᠡ ᠠᠳᠠᠯᠢ | ᠪᠠᠶᠢᠯᠭᠠᠬᠤ ︾ ᠪᠠᠷ ᠱᠠᠭᠠᠷᠳᠠᠵᠦ ᠲᠠᠬᠢᠶ᠎ᠠ ᠨᠤᠭᠤᠰᠤ ᠲᠡᠵᠢᠭᠡᠬᠦ ᠶᠢ ᠬᠤᠷᠢᠬᠯᠠᠵᠤ ᠪᠤᠢ ᠂ ᠡᠭᠦᠨ ᠳᠤ ᠲᠣᠰᠬᠤᠨ ᠤ ᠠᠷᠠᠳ ᠳᠤᠷ᠎ᠠ ᠦᠭᠡᠶᠢᠴᠡᠵᠦ ᠂ ᠰᠡᠳᠬᠢᠯ | ᠬᠠᠨᠤᠮᠵᠢ ᠥᠬᠡᠶ ᠪᠠᠶᠢᠨ᠎ᠠ᠃ ᠵᠠᠷᠢᠮ ᠭᠠᠵᠠᠷ ᠤᠨ ᠬᠢᠨ ᠥᠪᠡᠷ ᠤᠨ ᠠᠵᠢᠯ ᠤᠨ ᠠᠷᠭ᠎ᠠ ᠮᠠᠶ᠋ᠢᠭ ᠲᠠᠭᠠᠨ ᠠᠰᠠᠭᠤᠳᠠᠯ ᠭᠠᠷᠤᠭᠰᠠᠨ ᠡᠰᠡᠬᠦ ᠶᠢ ᠡᠷᠭᠢᠴᠡᠭᠦᠯᠦᠨ ᠪᠣᠳᠣᠬᠤ | ᠦᠭᠡᠶ ᠂ ᠬᠠᠷᠢᠨ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠦᠭᠭᠦ ᠶᠢ ᠵᠣᠭᠰᠣᠭᠠᠬᠤ ᠵᠡᠷᠭᠡ ᠠᠷᠭ᠎ᠠ ᠪᠠᠷᠢᠯ ᠢᠶᠠᠷ ᠲᠣᠰᠬᠤᠨ ᠤ ᠠᠷᠠᠳ ᠢ ︽ | ᠠᠶᠤᠯᠭᠠᠨ ᠰᠦᠷᠳᠡᠭᠦᠯᠵᠤ ︾ ᠂ ᠲᠣᠰᠬᠤᠨ ᠤ ᠠᠷᠠᠳ ᠯᠤᠭ᠎ᠠ ᠶᠢᠨ ᠵᠥᠷᠢᠴᠡᠯ ᠢ ᠬᠤᠷᠴᠠᠳᠬᠠᠵᠤ ᠪᠠᠶᠢᠨ᠎ᠠ᠃ | ︽ ᠨᠢᠭᠡ ᠯᠡ ᠠᠳᠠᠯᠢ ᠪᠠᠶᠢᠯᠭᠠᠬᠤ ︾ ᠪᠠᠷ ᠱᠠᠭᠠᠷᠳᠠᠵᠦ ᠲᠠᠬᠢᠶ᠎ᠠ ᠨᠤᠭᠤᠰᠤ ᠲᠡᠵᠢᠭᠡᠬᠦ ᠶᠢ ᠬᠤᠷᠢᠬᠯᠠᠭᠰᠠᠨ ᠴᠤ ᠲᠡᠷᠡ ᠂ ᠡᠰᠡᠬᠦᠯ᠎ᠡ ᠪᠠᠶᠢᠷᠢ ᠳᠠᠪᠠᠭᠰᠠᠨ ︽ | ᠠᠶᠤᠯᠭᠠᠨ ᠰᠦᠷᠳᠡᠭᠦᠯᠬᠦ ︾ ᠠᠷᠭ᠎ᠠ ᠪᠠᠷᠢᠯ ᠢ ᠠᠪᠤᠭᠰᠠᠨ ᠴᠤ ᠲᠡᠷᠡ ᠂ ᠴᠥᠮ ᠬᠡᠰᠡᠭ ᠪᠠᠯᠭᠠᠰᠤ ᠲᠣᠰᠬᠤᠨ ᠤ ᠣᠷᠣᠰᠢᠨ ᠰᠠᠭᠤᠬᠤ ᠣᠷᠴᠢᠨ ᠲᠤᠭᠤᠷᠢᠨ ᠢ | ᠴᠡᠭᠴᠡᠯᠡᠨ ᠵᠠᠰᠠᠬᠤ ᠠᠵᠢᠯ ᠨᠢ ᠦᠢᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠠᠴᠠ ᠰᠠᠯᠤᠭᠰᠠᠨ ᠢ ᠬᠦᠢᠴᠡᠳ ᠬᠠᠷᠠᠭᠤᠯᠵᠤ ᠪᠠᠶᠢᠨ᠎ᠠ᠃ ᠭᠠᠴᠠᠭᠠᠨ ᠤ | ᠠᠷᠠᠳ ᠤᠨ ᠬᠦᠰᠡᠯ ᠰᠠᠨᠠᠭ᠎ᠠ ᠶᠢ ᠬᠠᠶᠢᠬᠤᠷᠬᠤ ᠦᠭᠡᠢ ᠪᠠᠶᠢᠬᠤ ᠨᠢ ᠦᠨᠡᠨ ᠳᠡᠭᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠬᠦᠷᠦᠯᠴᠡᠬᠦ ᠦᠭᠡᠢ | ᠪᠠᠶᠢᠬᠤ ᠪᠠ ᠤᠯᠠᠨ ᠲᠦᠮᠡᠨ ᠠᠴᠠ ᠬᠥᠨᠳᠡᠶᠢᠷᠡᠭᠰᠡᠨ ᠤ ᠢᠯᠡᠷᠡᠯ ᠪᠤᠯᠬᠤ ᠶᠤᠮ᠃ | ᠣᠷᠣᠰᠢᠨ ᠰᠠᠭᠤᠬᠤ ᠣᠷᠴᠢᠨ ᠲᠣᠭᠤᠷᠢᠨ ᠨᠢ ᠲᠣᠰᠬᠤᠨ ᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠲᠠᠢ ᠬᠤᠯᠪᠣᠭᠳᠠᠵᠤ ᠪᠠᠶᠢᠳᠠᠭ ᠪᠤᠯᠬᠤᠷ | ᠰᠢᠢᠳᠪᠦᠷᠢᠲᠦ ᠪᠤᠳᠤᠯᠭ᠎ᠠ ᠲᠣᠭᠲᠠᠭᠠᠬᠤ ᠳᠠᠭᠠᠨ ᠡᠷᠬᠡᠪᠰᠢ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ ᠂ ᠬᠡᠷᠡᠭᠴᠡᠭᠡ ᠶᠢ ᠠᠷᠠᠳ ᠠᠴᠠ ᠠᠰᠠᠭᠤᠵᠤ ᠂ ᠦᠷ᠎ᠡ | ᠪᠦᠲᠦᠮᠵᠢ ᠶᠢ ᠠᠷᠠᠳ ᠠᠴᠠ ᠠᠰᠠᠭᠤᠬᠤ ᠬᠡᠷᠡᠭᠲᠡᠢ᠃ ᠤᠯᠠᠨ ᠲᠦᠮᠡᠨ ᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠂ | ᠪᠠᠷᠢᠯᠭ᠎ᠠ ᠪᠠᠷᠢᠬᠤ ᠂ ᠦᠨᠡᠯᠡᠬᠦ ᠪᠦᠬᠦ ᠶᠠᠪᠤᠴᠠ ᠳᠤ ᠣᠷᠣᠯᠴᠠᠭᠤᠯᠬᠤ ᠨᠢ ᠲᠣᠰᠬᠤᠨ ᠤ ᠠᠷᠠᠳ ᠢ ᠵᠠᠰᠠᠯᠲᠠ ᠶᠢᠨ ᠦᠷ᠎ᠡ ᠪᠦᠲᠦᠮᠵᠢ ᠳᠤ ︽ ᠲᠦᠷᠦᠭᠳᠡᠯ ᠲᠠᠢ | ᠪᠣᠯᠭᠠᠬᠤ ︾ ᠪᠠᠷ ᠪᠠᠷᠠᠬᠤ ᠦᠭᠡᠢ ᠂ ᠨᠡᠩ ᠴᠤ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠶᠢ ᠬᠦᠳᠦᠯᠥᠨ ᠳᠠᠭᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ | ᠪᠣᠯᠤᠨ᠎ᠠ ᠂ ᠡᠨᠡ ᠨᠢ ᠬᠠᠷᠰᠢ ᠰᠠᠭᠠᠳ ᠢ ᠪᠠᠭᠠᠰᠬᠠᠬᠤ ᠪᠠᠷ ᠪᠠᠷᠠᠬᠤ ᠦᠭᠡᠢ ᠂ ᠪᠠᠰᠠ ᠬᠠᠮᠢᠶᠠᠷᠤᠨ ᠲᠡᠵᠢᠭᠡᠬᠦ ᠥᠪᠡᠷ ᠤᠨ ᠦᠷᠳᠡᠭ ᠢ ᠪᠠᠭᠤᠷᠠᠭᠤᠯᠵᠤ ᠂ ᠦᠷᠭᠦᠯᠵᠢᠯᠡᠬᠦ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠪᠣᠯᠤᠨ᠎ᠠ᠃ | ︽ ᠠᠷᠠᠳ ᠲᠦᠮᠡᠨ ᠤ ᠬᠦᠰᠡᠯ ᠡᠷᠡᠮᠡᠯᠵᠡᠯ ︾ ᠠᠴᠠ ᠡᠭᠦᠰᠴᠦ ᠂ ︽ ᠠᠷᠠᠳ ᠲᠦᠮᠡᠨ ᠤ ᠰᠡᠳᠬᠢᠯ ᠬᠠᠨᠤᠮᠵᠢᠲᠠᠶ ︾ ᠪᠠᠶᠢᠬᠤ ᠪᠠᠷ ᠲᠤᠰᠤᠯᠳᠠ ᠪᠠᠨ ᠪᠤᠯᠭᠠᠬᠤ | ᠭᠡᠷᠡᠭᠳᠡᠢ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠲᠣᠰᠬᠤᠨ ᠤ ᠠᠷᠠᠳ ᠰᠠᠶᠢᠨ ᠭᠡᠵᠦ ᠬᠡᠯᠡᠪᠡᠯ ᠰᠠᠶ᠋ᠢ | ᠦᠨᠡᠨ ᠰᠠᠶᠢᠨ ᠶᠤᠮ᠃ | | | |