ᠬᠤᠭᠤᠯᠠ ᠬᠢᠬᠦ ᠶᠢᠨ 3 ᠮᠠᠭᠤ ᠳᠠᠳᠬᠠᠯ ᠨᠢ ᠭᠡᠷ ᠪᠦᠯᠢ ᠶᠢᠨ ᠬᠢᠨ ᠢ ᠥᠮᠡᠨ ᠤᠯᠤᠭᠤᠯᠵᠤ ᠮᠠᠭᠠᠳ ᠦᠭᠡᠢ︕
  
2024/8/4

 

    1. ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠥᠬᠡᠶ

ᠪᠤᠶᠤ ᠡᠷᠲᠡ ᠬᠠᠭᠠᠬᠤ

    ᠲᠣᠰᠣᠨ ᠤᠲᠤᠭ᠎ᠠ ᠲᠠᠢ ᠣᠷᠴᠢᠨ ᠲᠣᠭᠤᠷᠢᠨ ᠳᠤ ᠤᠷᠲᠤ

ᠬᠤᠭᠤᠴᠠᠭ᠎ᠠ ᠪᠠᠷ ᠪᠠᠶᠢᠪᠠᠯ ᠬᠤᠭᠤᠯᠠᠶ ᠶᠢᠨ ᠦᠷᠪᠢᠰᠦᠯ᠂

ᠬᠠᠮᠠᠷ ᠤᠨ ᠦᠷᠪᠢᠰᠦᠯ᠂ ᠮᠥᠭᠡᠷᠰᠦᠨ ᠬᠤᠭᠤᠯᠠᠶ ᠶᠢᠨ ᠦᠷᠪᠢᠰᠦᠯ

ᠵᠡᠷᠭᠡ ᠡᠪᠡᠳᠴᠢᠨ ᠢ ᠤᠯᠵᠤ ᠮᠡᠳᠡᠨ᠎ᠡ᠂ ᠴᠢᠨᠠᠬᠰᠢᠯᠠᠪᠠᠯ

ᠠᠭᠤᠰᠬᠢᠨ ᠥᠮᠡᠨ ᠢ ᠴᠤ ᠤᠯᠵᠤ ᠮᠡᠳᠡᠨ᠎ᠡ᠃ ᠰᠤᠳᠤᠯᠭᠠᠨ ᠳᠤ

ᠢᠯᠡᠷᠡᠭᠦᠯᠦᠭᠰᠡᠨ ᠢᠶᠠᠷ᠄ ᠬᠠᠭᠤᠷᠴᠤ ᠬᠠᠭᠠᠷᠢᠬᠤ ᠠᠴᠠ 20

ᠰᠧᠺᠦ᠋ᠨ᠋ᠳ᠋ ᠤᠨ ᠡᠮᠦᠨ᠎ᠡ ᠲᠣᠰᠣᠨ ᠣᠲᠤᠭ᠎ᠠ ᠶᠢᠨ

ᠮᠠᠰᠢᠨ ᠢᠶᠠᠨ ᠨᠡᠭᠡᠭᠡᠪᠡᠯ ᠲᠣᠰᠣᠨ ᠣᠲᠤᠭ᠎ᠠ ᠶᠢᠨ

ᠲᠠᠷᠬᠠᠯᠲᠠ ᠶᠢ ᠨᠠᠩ ᠰᠠᠶᠢᠨ ᠡᠵᠡᠮᠳᠡᠵᠦ᠂ ᠲᠣᠰᠣᠨ ᠣᠲᠤᠭ᠎ᠠ

ᠲᠠᠷᠬᠠᠬᠤ ᠶᠢ ᠨᠠᠩ ᠰᠠᠶᠢᠨ ᠰᠡᠷᠭᠡᠶᠢᠯᠡᠵᠦ ᠴᠢᠳᠠᠨ᠎ᠠ᠂

ᠬᠠᠭᠤᠷᠴᠤ ᠬᠠᠭᠠᠷᠢᠬᠤ ᠶᠠᠪᠤᠴᠠ ᠳᠤ ᠲᠣᠰᠣᠨ ᠣᠲᠤᠭ᠎ᠠ ᠶᠢᠨ

ᠮᠠᠰᠢᠨ ᠢᠶᠠᠨ ᠨᠡᠭᠡᠭᠡᠬᠦ ᠶᠢ ᠪᠠᠲᠤᠯᠠᠬᠤ ᠬᠡᠷᠡᠭᠲᠡᠶ ᠪᠥᠭᠡᠳ

ᠬᠠᠭᠤᠷᠴᠤ ᠬᠠᠭᠠᠷᠢᠵᠤ ᠪᠠᠷᠠᠭᠰᠠᠨ ᠤ ᠳᠠᠷᠠᠭ᠎ᠠ ᠴᠤ ᠲᠣᠰᠣᠨ

ᠣᠲᠤᠭ᠎ᠠ ᠶᠢᠨ ᠮᠠᠰᠢᠨ ᠢᠶᠠᠨ ᠦᠷᠭᠦᠯᠵᠢᠯᠡᠨ 3 ᠮᠢᠨᠦ᠋ᠲ

ᠠᠵᠢᠯᠯᠠᠭᠤᠯᠬᠤ ᠬᠡᠷᠡᠭᠲᠡᠶ᠂ ᠨᠣᠭᠤᠭ᠎ᠠ ᠪᠠᠨ ᠬᠠᠭᠤᠷᠴᠤ

ᠪᠠᠷᠠᠮᠠᠭᠴᠠ ᠰᠢᠭᠤᠳ ᠬᠠᠭᠠᠬᠤ ᠬᠡᠷᠡᠭ ᠥᠬᠡᠶ᠃ ᠡᠭᠦᠨ ᠠᠴᠠ

ᠭᠠᠳᠠᠨ᠎ᠠ᠂ ᠳᠤᠤᠷ᠎ᠠ ᠬᠠᠯᠠᠭᠤᠨ ᠢᠶᠠᠷ ᠬᠤᠭᠤᠯᠠ ᠬᠢᠪᠠᠯ ᠲᠣᠰᠣᠨ

ᠣᠲᠤᠭ᠎ᠠ ᠭᠠᠷᠬᠤ ᠨᠢ ᠨᠠᠩ ᠪᠠᠭ᠎ᠠ ᠪᠣᠯᠤᠨ᠎ᠠ᠃

    2. ᠲᠣᠭᠤᠭ᠎ᠠ ᠪᠠᠨ ᠱᠤᠸᠠᠵᠠᠳᠠᠬᠤ ᠦᠭᠡᠢ ᠪᠠᠷ ᠦᠷᠭᠦᠯᠵᠢᠯᠡᠨ

ᠨᠤᠭᠤᠭ᠎ᠠ ᠬᠠᠭᠤᠷᠬᠤ

    ᠨᠣᠭᠤᠭ᠎ᠠ ᠬᠠᠭᠤᠷᠴᠤ ᠪᠠᠷᠠᠭᠰᠠᠨ ᠤ ᠳᠠᠷᠠᠭ᠎ᠠ᠂ ᠲᠣᠭᠤᠭᠠᠨ

ᠳᠡᠭᠡᠷ᠎ᠡ ᠴᠢᠨᠢ ᠨᠣᠭᠤᠭ᠎ᠠ ᠬᠠᠭᠤᠷᠤᠬᠰᠠᠨ ᠮᠠᠰᠢ ᠣᠯᠠᠨ

ᠦᠯᠡᠳᠡᠭᠳᠡᠯ ᠪᠠ ᠦᠯᠡᠳᠡᠭᠰᠡᠨ ᠲᠣᠰᠣ ᠨᠠᠭᠠᠯᠳᠤᠵᠤ ᠪᠠᠶᠢᠳᠠᠭ᠂

ᠬᠡᠷᠪᠡ ᠦᠷᠭᠦᠯᠵᠢᠯᠡᠨ ᠦᠭᠡᠷ᠎ᠡ ᠨᠣᠭᠤᠭ᠎ᠠ ᠬᠠᠭᠤᠷᠪᠠᠯ᠂

ᠡᠮᠦᠨᠡᠬᠢ ᠬᠠᠭᠤᠷᠤᠬᠰᠠᠨ ᠨᠤᠭᠤᠭ᠎ᠠ ᠶᠢᠨ ᠦᠯᠡᠳᠡᠭᠳᠡᠯ ᠳᠠᠷᠤᠶ

ᠬᠡᠤᠷᠰᠢᠨ᠎ᠡ᠂ ᠡᠭᠦᠨ ᠤ ᠤᠯᠠᠮ ᠢᠶᠠᠷ ᠥᠮᠡᠨ ᠤᠯᠤᠭᠤᠯᠬᠤ ᠪᠣᠳᠠᠰ

ᠡᠭᠦᠰᠴᠦ᠂ ᠦᠯᠡᠳᠡᠭᠰᠡᠨ ᠲᠣᠰᠣ ᠶᠢ ᠨᠢ ᠴᠦ ᠬᠤᠶᠠᠳᠠᠬᠢ ᠤᠳᠠᠭ᠎ᠠ

ᠬᠠᠯᠠᠭᠰᠠᠨ ᠠᠴᠠ ᠪᠣᠯᠵᠣ ᠬᠤᠤᠷᠲᠠᠶ ᠪᠦᠷᠢᠯᠳᠦᠬᠦᠨ ᠡᠭᠦᠰᠳᠡᠭ᠃

    3. ᠨᠣᠭᠤᠭ᠎ᠠ ᠬᠢᠬᠦ ᠳᠡᠭᠡᠨ ᠳᠠᠪᠤᠰᠤ ᠢᠯᠡᠭᠦᠦ ᠬᠢᠬᠦ

    《 ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ

ᠤᠮᠳᠠᠭᠠᠨ ᠤ ᠵᠦᠭᠯᠡᠭᠦᠷ》 ᠲᠤ᠂ ᠨᠢᠭᠡ ᠬᠥᠮᠦᠨ ᠤ ᠡᠳᠦᠷ

ᠪᠦᠷᠢ ᠶᠢᠨ ᠳᠠᠪᠤᠰᠤ ᠢᠳᠡᠬᠦ ᠬᠡᠮᠵᠢᠶ᠎ᠡ ᠶᠢ 5 ᠭᠷᠠᠮ ᠠᠴᠠ

ᠬᠡᠲᠦᠷᠡᠭᠦᠯᠵᠦ ᠪᠤᠯᠬᠤ ᠥᠬᠡᠶ᠂ ᠳᠠᠪᠤᠰᠤ ᠳᠡᠩᠳᠡᠭᠦᠦ ᠠᠷᠪᠢᠨ

ᠢᠳᠡᠪᠡᠯ ᠴᠢᠰᠤᠨ ᠳᠠᠷᠤᠯᠲᠠ ᠥᠨᠳᠥᠷᠵᠢᠬᠦ ᠡᠪᠡᠳᠴᠢᠨ ᠤᠯᠬᠤ ᠪᠠᠷ

ᠪᠠᠷᠠᠬᠤ ᠥᠬᠡᠶ᠂ ᠪᠠᠰᠠ ᠶᠠᠰᠤᠨ ᠤ ᠡᠳ᠋ ᠰᠡᠶᠢᠷᠡᠭᠵᠢᠬᠦ᠂

ᠬᠤᠳᠣᠭᠤᠳᠣᠨ ᠦᠷᠪᠢᠰᠦᠯ ᠳᠤ ᠨᠡᠷᠪᠡᠭᠳᠡᠬᠦ ᠂ ᠴᠢᠨᠠᠭᠰᠢᠯᠠᠪᠠᠯ

ᠬᠤᠳᠣᠭᠤᠳᠣᠨ ᠥᠮᠡᠨ ᠳᠤ ᠨᠡᠷᠪᠡᠭᠳᠡᠬᠦ ᠲᠦᠭᠰᠢᠭᠦᠷᠢ ᠶᠢ

ᠨᠡᠮᠡᠭᠳᠡᠭᠦᠯᠦᠨ᠎ᠡ ᠭᠡᠵᠦ ᠰᠠᠨᠠᠭᠤᠯᠵᠠᠶ᠃ ᠤᠴᠢᠷ ᠨᠢ ᠳᠠᠪᠤᠰᠤ

ᠬᠡᠲᠦᠷᠬᠡᠶ ᠶᠡᠭᠡ ᠢᠳᠡᠪᠡᠯ ᠬᠤᠳᠣᠭᠤᠳᠣᠨ ᠤ ᠰᠠᠯᠢᠰᠤᠲᠤ

ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠣᠨ ᠤ

ᠬᠠᠨ᠎ᠠ ᠶᠢᠨ ᠡᠰ ᠢ ᠤᠨᠠᠭᠠᠵᠤ ᠮᠡᠳᠡᠨ᠎ᠡ᠂ ᠬᠠᠨ᠎ᠠ ᠶᠢᠨ ᠡᠰ ᠪᠣᠯ

ᠬᠤᠳᠣᠭᠤᠳᠣᠨ ᠤ ᠡᠷᠡᠭᠦᠯ ᠮᠡᠨᠳᠦ ᠶᠢ ᠬᠠᠮᠠᠭᠠᠯᠠᠬᠤ

ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠣᠨ

ᠦᠷᠪᠢᠰᠦᠯ ᠤᠨ ᠲᠦᠭᠰᠢᠭᠦᠷᠢ ᠶᠢ ᠨᠡᠮᠡᠭᠳᠡᠭᠦᠯᠵᠦ᠂

ᠡᠴᠦᠰ ᠲᠡᠭᠡᠨ ᠬᠤᠳᠣᠭᠤᠳᠣᠨ ᠥᠮᠡᠨ ᠢ ᠡᠭᠦᠰᠭᠡᠳᠡᠭ᠃

    

    

  ᠠᠷᠠᠳ ᠤᠨ ᠰᠦᠯᠵᠢᠶ᠎ᠡ