| ᠲᠣᠰ ᠭᠠᠷᠠᠭ ᠲᠤ ᠣᠯᠠᠨ ᠤᠯᠤᠰ ᠤᠨ ᠰᠤᠳᠤᠯᠭᠠᠲᠠᠳ ᠤᠨ | ᠬᠠᠮᠲᠤ ᠪᠠᠷ ᠨᠡᠶᠢᠲᠡᠯᠡᠭᠰᠡᠨ ᠰᠤᠳᠤᠯᠭᠠᠨ ᠤ | ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠪᠥᠬᠦ | ᠪᠥᠮᠪᠥᠷᠴᠡᠭ ᠤᠨ ᠳᠤᠯᠠᠭᠠᠷᠠᠬᠤ ᠬᠠᠨᠳᠤᠰᠢ ᠠᠴᠠ ᠪᠣᠯᠤᠭᠰᠠᠨ | ᠬᠤᠶᠠᠷ ᠲᠦᠢᠯ ᠤᠨ ᠮᠥᠰᠥ ᠴᠠᠰᠤᠨ ᠤ ᠬᠠᠶᠢᠯ ᠨᠢ ᠳᠡᠯᠡᠬᠡᠶ ᠶᠢᠨ | ᠪᠥᠮᠪᠥᠷᠴᠡᠭ ᠤᠨ ᠡᠷᠭᠢᠯᠲᠡ ᠶᠢᠨ ᠬᠤᠷᠳᠤᠴᠠ ᠶᠢ | ᠲᠦᠷᠭᠡᠳᠬᠡᠵᠦ᠂ ᠳᠡᠯᠡᠬᠡᠶ ᠶᠢᠨ ᠪᠥᠮᠪᠥᠷᠴᠡᠭ ᠳᠡᠭᠡᠷᠡᠬᠢ | 《ᠨᠢᠭᠡ ᠡᠳᠦᠷ》 ᠨᠢ ᠪᠠᠰᠠ ᠡᠭᠦᠨ ᠠᠴᠠ ᠪᠣᠯᠵᠣ ᠣᠷᠳᠣ ᠪᠤᠯᠵᠤ | ᠪᠤᠢ᠃ | ᠠᠮᠧᠷᠢᠺᠠ ᠶᠢᠨ 《ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠡᠳᠬᠦᠯ》 ᠤᠨ 15 ᠤ | ᠡᠳᠦᠷ ᠨᠡᠶᠢᠲᠡᠯᠡᠭᠰᠡᠨ ᠬᠠᠮᠢᠶ᠎ᠠ ᠪᠥᠬᠦᠶ ᠰᠤᠳᠤᠯᠭᠠᠨ ᠤ | ᠮᠡᠳᠡᠭᠦᠯᠦᠯᠲᠡ ᠠᠴᠠ ᠦᠵᠡᠪᠡᠯ᠂ ᠭᠷᠢᠨᠯᠠᠨᠳ᠋ ᠠᠷᠠᠯ ᠪᠣᠯᠤᠨ | ᠡᠮᠦᠨᠡᠲᠦ ᠲᠦᠢᠯ ᠵᠡᠷᠭᠡ ᠭᠠᠵᠠᠷ ᠤᠨ ᠮᠥᠰᠥ ᠴᠠᠰᠤ ᠲᠦᠷᠭᠡᠨ | ᠬᠠᠶᠢᠯᠵᠤ᠂ ᠳᠡᠯᠡᠬᠡᠶ ᠶᠢᠨ ᠪᠥᠮᠪᠥᠷᠴᠡᠭ ᠤᠨ ᠪᠦᠰᠡᠯᠡᠭᠦᠷ | ᠣᠷᠴᠢᠮ ᠤᠨ ᠲᠡᠯᠡᠶ ᠶᠢᠨ ᠤᠰᠤ ᠨᠡᠮᠡᠭᠳᠡᠭᠰᠡᠨ ᠢᠶᠠᠷ | ᠳᠡᠯᠡᠬᠡᠶ ᠶᠢᠨ ᠪᠥᠮᠪᠥᠷᠴᠡᠭ ᠤᠨ ᠥᠪᠡᠷ ᠤᠨ ᠬᠢᠨᠢ ᠡᠷᠭᠢᠯᠲᠡ | ᠤᠳᠠᠭᠠᠨ ᠪᠤᠯᠵᠤ ᠪᠠᠶᠢᠨ᠎ᠠ᠃ | ᠰᠤᠳᠤᠯᠭᠠᠲᠠᠳ ᠤᠨ ᠵᠢᠱᠢᠭᠰᠡᠨ ᠢᠶᠠᠷ᠂ ᠪᠥᠬᠦ | ᠪᠥᠮᠪᠥᠷᠴᠡᠭ ᠤᠨ ᠳᠤᠯᠠᠭᠠᠷᠠᠬᠤ ᠬᠠᠨᠳᠤᠰᠢ ᠨᠢ ᠬᠡᠷᠪᠡ | ᠬᠠᠮᠤᠭ ᠤᠨ ᠮᠠᠭᠤ ᠪᠠᠶᠢᠳᠠᠯ ᠢᠶᠠᠷ ᠬᠥᠭᠵᠢᠪᠡᠯ᠂ 2100 ᠤᠨ ᠠᠴᠠ | ᠡᠮᠦᠨ᠎ᠡ᠂ ᠳᠡᠯᠡᠬᠡᠶ ᠶᠢᠨ ᠪᠥᠮᠪᠥᠷᠴᠡᠭ ᠳᠡᠭᠡᠷᠡᠬᠢ ᠨᠢᠭᠡ | ᠡᠳᠦᠷ 2.62 ᠪᠢᠴᠢᠯ ᠰᠧᠺᠦ᠋ᠨ᠋ᠳ᠋ ᠣᠷᠴᠢᠮ ᠨᠡᠮᠡᠭᠳᠡᠬᠦ ᠪᠣᠯᠤᠨ᠎ᠠ᠃ | ᠬᠥᠮᠦᠰ ᠤᠨ ᠡᠳᠦᠷ ᠲᠤᠲᠤᠮ ᠤᠨ ᠠᠮᠢᠳᠤᠷᠠᠯ ᠳᠤ ᠠᠪᠴᠤ | ᠬᠡᠯᠡᠪᠡᠯ᠂ ᠨᠢᠭᠡ ᠡᠳᠦᠷ ᠬᠡᠳᠦᠨ ᠪᠢᠴᠢᠯ ᠰᠧᠺᠦ᠋ᠨ᠋ᠳ᠋ | ᠨᠡᠮᠡᠭᠳᠡᠬᠦ ᠨᠢ ᠶᠠᠮᠠᠷ ᠴᠤ ᠨᠥᠯᠥᠭᠡ ᠪᠣᠯᠬᠤ ᠥᠬᠡᠶ᠂ ᠬᠡᠪᠡᠴᠦ | ᠲᠡᠶᠢᠷᠦᠯᠲᠦ ᠰᠤᠮᠤ ᠬᠠᠷᠪᠤᠬᠤ᠂ ᠪᠥᠬᠦ ᠪᠥᠮᠪᠥᠷᠴᠡᠭ ᠤᠨ | ᠪᠠᠶᠢᠷᠢ ᠲᠣᠭᠲᠠᠭᠠᠬᠤ ᠰᠢᠰᠲ᠋ᠧᠮ ᠵᠡᠷᠭᠡ ᠳᠡᠭᠡᠳᠦ ᠨᠠᠷᠢᠯᠢᠭ | ᠮᠡᠷᠭᠡᠵᠢᠯ ᠤᠨ ᠬᠡᠷᠡᠭᠯᠡᠯᠲᠡ ᠳᠤ ᠠᠪᠴᠤ ᠬᠡᠯᠡᠪᠡᠯ᠂ ᠬᠡᠳᠦᠨ | ᠪᠢᠴᠢᠯ ᠰᠧᠺᠦ᠋ᠨ᠋ᠳ᠋ ᠤᠨ ᠵᠥᠷᠢᠶ᠎ᠡ ᠨᠢ ᠬᠦᠨᠳᠦ ᠶᠡᠭᠡ ᠠᠯᠳᠠᠰᠢ | ᠭᠠᠷᠭᠠᠵᠤ ᠮᠡᠳᠡᠨ᠎ᠡ ᠬᠡᠪᠡ᠃ | | |