ᠮᠤᠷᠢᠨ ᠬᠤᠭᠤᠷ ᠤᠨ ᠨᠠᠶᠢᠷᠠᠯ ᠬᠦᠭᠵᠢᠮ ᠮᠦᠩᠬᠡ ᠲᠡᠭᠷᠢ ᠳᠤ ᠴᠤᠤᠷᠢᠶᠠᠳᠤᠨᠠᠮ
ᠨᠡᠶᠢᠲᠡᠯᠡᠭᠰᠡᠨ ᠴᠠᠭ᠄
2024/9/19

— ᠦᠪᠣᠷ ᠮᠣᠩᠭᠤᠯ ᠤᠨ ᠦᠨᠳᠣᠰᠣᠳᠡᠨ ᠤ ᠨᠠᠶᠢᠷᠠᠯ ᠬᠥᠭᠵᠢᠮ ᠤᠨ ᠪᠦᠯᠬᠦᠮ ᠢ ᠡᠬᠦᠰᠬᠡᠨ ᠪᠠᠶᠢᠭᠤᠯᠣᠭᠴᠢ                                    

ᠡᠷᠳᠡᠨᠢ ᠶᠢᠨ ᠲᠣᠰᠬᠠᠢ ᠰᠣᠷᠪᠣᠯᠵᠢᠯᠠᠭ᠎ᠠ

 

 MINORITY1722416106127KOTQ24HK3M.png

      

      ᠡᠷᠳᠡᠨᠢ ᠰᠢᠨᠵᠢᠶᠠᠩ ᠤᠨ ᠬᠤᠪᠤᠬᠰᠠᠶᠢᠷ ᠮᠣᠩᠭᠤᠯ ᠥᠪᠡᠷᠲᠡᠭᠡᠨ ᠵᠠᠰᠠᠬᠤ ᠰᠢᠶᠠᠨ  ᠳᠤ ᠲᠦᠷᠣᠵᠣ ᠦᠰᠴᠠᠢ ᠂ ᠲᠡᠷᠡ ᠬᠠᠷᠠᠬᠠᠨ ᠪᠠᠭ᠎ᠠ ᠠᠴᠠ ᠪᠠᠨ ᠳᠠᠭᠤᠤ

ᠬᠥᠭᠵᠢᠮ ᠤᠷᠠᠯᠢᠭ ᠲᠤ ᠪᠠᠭ᠋ᠠᠲᠠᠢ ᠪᠦᠭᠡᠳ ᠲᠤᠬᠠᠢ ᠶᠢᠨ ᠭᠠᠵᠠᠷ ᠤᠨ ᠳᠠᠭᠤᠤ ᠪᠥᠵᠢᠭ ᠲᠤ ᠠᠪᠢᠶᠠᠰ ᠲᠠᠢ ᠮᠠᠯᠴᠢᠳ ᠤᠨ ᠤᠷᠠᠯᠢᠭ ᠤᠨ ᠦᠨᠢᠷ ᠦᠳᠭᠡᠨ ᠠᠭᠤᠷ

ᠠᠮᠢᠰᠬᠤᠯ ᠤᠨ ᠳᠤᠮᠳᠠ ᠂ ᠡᠯ᠎ᠡ ᠵᠦᠢᠯ ᠤᠨ ᠠᠷᠠᠳ ᠤᠨ ᠬᠥᠭᠵᠢᠮ ᠢ ᠪᠠᠭ᠋ᠠᠷᠬᠠᠵᠤ ᠂ ᠲᠣᠪᠰᠢᠭᠤᠷ ᠂ ᠮᠤᠷᠢᠨ ᠬᠤᠭᠤᠷ ᠂ ᠪᠠᠶᠠᠨ ᠬᠤᠭᠤᠷ ᠵᠡᠷᠭᠡ ᠬᠥᠭᠵᠢᠮ ᠢ

ᠥᠪᠡᠷ ᠢᠶᠠᠨ ᠰᠤᠷᠴᠤ ᠂ ᠶᠠᠪᠤᠭᠠᠨ ᠳᠠᠭᠠᠨ ᠦᠨᠳᠦᠰᠦᠲᠡᠨ ᠤ ᠳᠠᠭᠤᠤ ᠬᠥᠭᠵᠢᠮ  ᠳᠤ ᠴᠠᠭᠠᠷᠠᠵᠠᠢ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠭᠤᠷᠪᠠᠳᠤᠭᠠᠷ ᠣᠨ ᠢᠶᠠᠨ ᠲᠡᠭᠦᠰᠦᠭᠰᠡᠨ ᠤ ᠳᠠᠷᠠᠭ᠎ᠠ ᠲᠤᠬᠠᠶ ᠶᠢᠨ ᠭᠠᠵᠠᠷ ᠤᠨ ᠤᠯᠠᠭᠠᠨᠮᠥ᠋ᠴᠢᠷ ᠲᠤ ᠰᠢᠯᠭᠠᠨ ᠤᠷᠤᠵᠤ ᠂ ᠬᠤᠵᠢᠮ ᠨᠢ ᠠᠵᠠ  ᠪᠠᠷ ᠱᠠᠩᠬᠠᠶ ᠶᠢᠨ

ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠳᠤ ᠡᠯᠰᠡᠭᠳᠡᠨ ᠂ ᠱᠠᠩᠬᠠᠶ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠠᠶ᠎ᠠ ᠵᠣᠬᠢᠶᠠᠬᠤ

ᠤᠳᠤᠷᠢᠳᠤᠭᠠᠴᠢ ᠶᠢᠨ ᠰᠠᠯᠪᠤᠷᠢ ᠳᠤ ᠰᠤᠷᠤᠯᠴᠠᠪᠠ᠃ ᠲᠡᠬᠡᠷ᠎ᠡ ᠵᠠᠭᠤᠨ ᠤ ᠨᠠᠶᠠᠭᠠᠳ ᠣᠨ ᠤ ᠰᠡᠭᠦᠯᠴᠢ ᠳᠤ ᠥᠪᠥᠷ ᠮᠣᠩᠭᠤᠯ ᠤᠨ ᠤᠷᠠᠯᠢᠭ ᠤᠨ ᠲᠢᠶᠠᠲᠷ ᠲᠤ

ᠠᠵᠢᠯᠯᠠᠭᠰᠠᠨ ᠠᠴᠠ ᠨᠠᠭᠠᠰᠢ ᠂ ᠲᠡᠷᠡ ᠤᠯᠠᠮᠵᠢᠯᠠᠯᠲᠤ ᠳᠠᠭᠤᠤ ᠬᠥᠭᠵᠢᠮ ᠢ ᠨᠠᠶᠢᠷᠠᠯ ᠬᠥᠭᠵᠢᠮ ᠲᠠᠢ ᠤᠶᠠᠯᠳᠤᠭᠤᠯᠬᠤ ᠂ ᠮᠣᠷᠢᠨ ᠬᠤᠭᠤᠷ ᠤᠨ ᠨᠠᠶᠢᠷᠠᠯ ᠬᠥᠭᠵᠢᠮ ᠢ

ᠡᠭᠦᠳᠦᠨ ᠪᠠᠶᠢᠭᠤᠯᠬᠤ ᠰᠢᠨ᠎ᠡ ᠡᠭᠦᠳᠦᠯᠳᠡ ᠪᠠ ᠰᠥᠪᠡᠭᠴᠢᠯᠡᠯᠲᠡ ᠬᠢᠬᠦ ᠲᠡᠭᠡᠷ᠎ᠡ ᠭᠤᠤᠯ ᠬᠦᠴᠦ ᠪᠠᠨ ᠲᠠᠯᠪᠢᠵᠠᠢ ᠂ ᠲᠡᠭᠦᠨ ᠤ ᠣᠯᠠᠨ ᠵᠢᠯ ᠤᠨ ᠴᠥᠬᠦᠷᠡᠰᠢ ᠥᠬᠡᠶ

ᠴᠢᠷᠮᠠᠶᠢᠯᠭ᠎ᠠ ᠪᠠᠷ ᠲᠠᠮᠵᠢᠨ ᠥᠪᠥᠷ ᠮᠣᠩᠭᠤᠯ ᠤᠨ ᠮᠣᠷᠢᠨ ᠬᠤᠭᠤᠷ ᠤᠨ ᠨᠠᠶᠢᠷᠠᠯ ᠬᠥᠭᠵᠢᠮ ᠤᠨ ᠪᠦᠯᠬᠦᠮ ᠨᠢ ᠣᠲᠣ ᠨᠢᠭᠡᠨᠲᠡ ᠥᠪᠥᠷ ᠮᠣᠩᠭᠤᠯ ᠤᠨ ᠳᠠᠭᠤᠤ

ᠬᠥᠭᠵᠢᠮ ᠤᠨ ᠤᠷᠠᠯᠢᠭ ᠤᠨ ᠬᠦᠷᠢᠶᠡᠨ ᠤ ᠨᠢᠭᠡᠨ ᠥᠪᠡᠷᠮᠢᠴᠡ ᠦᠵᠡᠮᠵᠢ ᠪᠤᠯᠤᠬᠰᠠᠨ ᠪᠦᠭᠡᠳ ᠢᠷᠠᠭᠤ ᠰᠠᠶᠢᠬᠠᠨ ᠬᠥᠭᠵᠢᠮ  ᠢᠶᠠᠨ ᠬᠥᠬᠡᠮᠥ᠋ᠷᠡᠨ ᠤ ᠡᠮᠦᠨ᠎ᠡ

ᠤᠮᠠᠷ᠎ᠠ ᠳᠤ ᠴᠤᠤᠷᠢᠶᠠᠲᠤᠭᠤᠯᠵᠤ ᠂ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠤᠭ᠍ᠰᠡᠨ ᠪᠠᠶᠢᠨ᠎ᠠ᠃

      ᠡᠷᠳᠡᠨᠢ᠄ ᠪᠢ ᠡᠨᠡ ᠵᠠᠮ ᠢᠶᠠᠷ ᠵᠠᠮᠨᠠᠭᠠᠳ ᠮᠠᠰᠢ ᠤᠯᠠᠨ ᠠᠮᠵᠢᠯᠲᠠ ᠪᠦᠳᠦᠮᠵᠢ ᠣᠯᠵᠠᠢ ᠂ ᠡᠭᠦᠨ ᠳᠤ ᠨᠠᠮ ᠪᠣᠯᠤᠨ ᠵᠠᠰᠠᠭ ᠤᠨ ᠣᠷᠳᠣᠨ ᠤ ᠴᠥᠭᠡᠨ

ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠣᠶᠣᠯ ᠢ ᠶᠡᠭᠡ ᠪᠠᠷ ᠬᠠᠯᠠᠮᠵᠢᠯᠠᠨ ᠲᠡᠮᠵᠢᠬᠦ ᠳᠤ ᠲᠦᠰᠢᠭᠯᠡᠭᠰᠡᠨ ᠨᠢ ᠬᠠᠮᠤᠭ ᠠᠴᠠ ᠢᠯᠡᠬᠦᠦ ᠲᠠᠯᠠᠷᠬᠠᠬᠤ ᠵᠦᠢᠯ

ᠪᠤᠯᠤᠨ᠎ᠠ ᠂ ᠪᠢ ᠤᠷᠠᠯᠢᠭ ᠢ ᠤᠯᠠᠮᠵᠢᠯᠠᠨ ᠳᠡᠯᠭᠡᠷᠡᠭᠦᠯᠬᠦ ᠂ ᠰᠢᠨ᠎ᠡ ᠶᠢ ᠡᠭᠦᠳᠬᠦ ᠵᠠᠮ ᠢᠶᠠᠷ ᠡᠷᠡᠮᠡᠬᠡᠶᠢᠯᠡᠨ ᠤᠷᠤᠭᠰᠢᠯᠠᠵᠤ ᠂ ᠤᠬ ᠰᠠᠨᠠᠭ᠎ᠠ ᠪᠠᠨ ᠦᠯᠦ ᠮᠠᠷᠲᠠᠵᠤ ᠂

ᠰᠢᠨ᠎ᠡ ᠴᠠᠭ ᠦᠶ᠎ᠡ ᠶᠢᠨ ᠰᠢᠨ᠎ᠡ ᠬᠥᠭᠵᠢᠮ ᠢ ᠴᠢᠪᠬᠠᠳᠠᠨ ᠬᠥᠭᠵᠢᠮᠳᠡᠨ᠎ᠠ ᠭᠡᠵᠦ ᠬᠡᠯᠡᠪᠡ᠃

 

MINORITY1722416121387G6WN54IQ6E_jpg.png

      ᠲᠣᠪᠴᠢ ᠨᠠᠮᠳᠠᠷ᠄

      ᠡᠷᠳᠡᠨᠢ ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠭᠡᠰᠢᠭᠦᠨ ᠂ ᠤᠷᠠᠯᠢᠭ ᠤᠨ ᠶᠡᠷᠦᠩᠬᠡᠶ ᠬᠢᠨᠠᠭᠴᠢ ᠂

ᠥᠪᠥᠷ ᠮᠣᠩᠭᠤᠯ ᠤᠨ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠂ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ

ᠲᠡᠷᠢᠭᠦᠯᠡᠭᠴᠢ ᠂ ᠳᠤᠮᠳᠠᠳᠤ ᠤᠯᠤᠰ ᠤᠨ ᠦᠨᠳᠦᠰᠦᠲᠡᠨ ᠤ ᠨᠠᠶᠢᠷᠠᠯ ᠬᠥᠭᠵᠢᠮ ᠤᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ ᠂ ᠦᠪᠣᠷ ᠮᠣᠩᠭᠤᠯ ᠤᠨ

ᠦᠨᠳᠦᠰᠦᠲᠡᠨ ᠤ ᠨᠠᠶᠢᠷᠠᠯ ᠬᠥᠭᠵᠢᠮ ᠤᠨ ᠪᠦᠯᠬᠦᠮ ᠢ ᠡᠬᠦᠰᠬᠡᠨ ᠪᠠᠶᠢᠭᠤᠯᠣᠭᠴᠢ ᠂ ᠦᠨᠳᠦᠰᠦᠲᠡᠨ ᠤ ᠳᠠᠭᠤᠤ ᠬᠥᠭᠵᠢᠮ ᠢ ᠲᠦᠭᠡᠮᠡᠯᠵᠢᠭᠦᠯᠬᠦ ᠵᠥᠪᠯᠡᠯ ᠤᠨ ᠳᠡᠳ᠋

ᠳᠠᠷᠤᠭ᠎ᠠ ᠂ ᠳᠤᠮᠳᠠᠳᠤ ᠤᠯᠤᠰ ᠤᠨ ᠦᠨᠳᠦᠰᠦᠲᠡᠨ ᠤ ᠨᠠᠶᠢᠷᠠᠯ ᠬᠥᠭᠵᠢᠮ ᠤᠨ ᠨᠡᠶᠢᠭᠡᠮᠯᠢᠭ ᠤᠨ ᠵᠢᠯᠣᠭᠤᠳᠬᠤ ᠲᠤᠰᠬᠠᠶ ᠮᠡᠷᠭᠡᠵᠢᠯ ᠤᠨ ᠵᠥᠪᠯᠡᠯ ᠤᠨ ᠬᠡᠷᠡᠭ

ᠡᠷᠬᠢᠯᠡᠭᠴᠢ ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠂ ᠠᠰᠫᠢᠷᠠᠨᠲ ᠤᠨ ᠵᠢᠯᠤᠭᠤᠳᠤᠭᠴᠢ ᠪᠠᠭᠰᠢ ᠂

ᠥᠪᠥᠷ ᠮᠣᠩᠭᠤᠯ  ᠤᠨ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠶᠢᠨ ᠵᠣᠴᠢᠮᠠᠳ ᠫᠷᠤᠹᠧᠰᠰᠤᠷ ᠂ ︽ ᠪᠥᠬᠦ ᠤᠯᠤᠰ ᠤᠨ ᠤᠷᠠᠯᠢᠭ ᠤᠨ

ᠮᠣᠷᠠᠯ ᠤᠨ ᠵᠢᠱᠢᠶᠡᠴᠢ ︾ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ ᠲᠠᠯ᠎ᠠ ᠨᠤᠲᠤᠭ ᠤᠨ ᠴᠢᠳᠠᠪᠤᠷᠢᠲᠠᠨ ︾ ᠂ ︽ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ︾ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠢᠳᠡᠷ ᠵᠠᠯᠠᠭᠤ ᠨᠠᠰᠤᠨ ᠤ ᠮᠣᠷᠠᠯ ᠤᠷᠠᠯᠢᠭ ᠬᠤᠤᠰᠯᠠᠭᠰᠠᠨ ᠤᠳᠬ᠎ᠠ ᠤᠷᠠᠯᠢᠭ ᠤᠨ ᠠᠵᠢᠯᠲᠠᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠬᠦᠷᠳᠡᠮᠵᠢ

ᠬᠦᠷᠲᠡᠭᠴᠢ ᠲᠤᠰᠬᠠᠶ ᠮᠡᠷᠭᠡᠵᠢᠯᠲᠡᠨ᠃ 

 

ᠢᠷᠡᠯᠲᠡ᠄ ᠠᠷᠠᠳ ᠤᠨ ᠰᠦᠯᠵᠢᠶ᠎ᠡ