ᠤᠷᠠᠳ ᠤᠨ ᠬᠤᠶᠢᠲᠤ ᠬᠤᠰᠢᠭᠤᠨ ᠤ 2024 ᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠨᠥᠬᠦᠪᠥᠷᠢ ᠶᠢᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/9/20

 

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠴᠢᠳᠠᠪᠦᠷᠢ ᠶᠢᠨ ᠪᠣᠯᠪᠠᠰᠤᠷᠠᠭᠤᠯᠤᠯ ᠤᠨ ᠬᠠᠮᠢᠶᠠᠷᠤᠯᠲᠠ ᠶᠢᠨ ᠠᠷᠭ᠎ᠠ ᠶᠢ

ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ

〔2020〕 119 ᠳ᠋ᠤᠭᠡᠷ ᠲᠣᠭᠠᠲᠤ︶᠂ ︽︿ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ

ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ﹀ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ

ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠴᠢᠳᠠᠪᠦᠷᠢ ᠶᠢᠨ ᠪᠣᠯᠪᠠᠰᠤᠷᠠᠭᠤᠯᠤᠯ ᠪᠠ ᠬᠢᠨᠠᠨ ᠲᠣᠭᠲᠠᠭᠠᠵᠤ

ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠢᠷᠤᠮᠵᠢᠭᠤᠯᠬᠤ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ

ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠵᠠᠷᠤᠳᠠᠯ ᠦᠰᠦᠭ 〔2015〕 1552 ᠳ᠋ᠤᠭᠠᠷ ᠲᠣᠭᠠᠲᠤ︶᠂ ᠠᠵᠢᠯ ᠣᠯᠭᠤᠯᠲᠠ ᠪᠠᠷ

ᠬᠠᠪᠰᠤᠷᠤᠨ ᠲᠡᠳᠬᠦᠬᠦ ᠶᠢ ᠦᠨᠡᠨᠬᠦ ᠴᠢᠩᠭᠠᠳᠬᠠᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠶ ᠬᠡᠷᠡᠭᠵᠢᠭᠦᠯᠬᠦ ᠰᠠᠨᠠᠯ ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠲᠠᠷᠬᠠᠭᠠᠭᠰᠠᠨ〔2021〕 12 ᠳ᠋ᠤᠭᠠᠷ ᠲᠣᠭᠠᠲᠤ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠢᠨᠠᠨ

ᠬᠠᠷᠭᠤᠭᠤᠯᠤᠭᠠᠳ᠂ ᠡᠳᠦᠭᠡ ᠪᠣᠯᠪᠠᠰᠤᠷᠠᠭᠤᠯᠤᠯ ᠤᠨ ᠨᠥᠬᠦᠪᠥᠷᠢ᠂ ᠠᠮᠢᠳᠤᠷᠠᠯ ᠤᠨ ᠵᠠᠷᠤᠳᠠᠯ ᠤᠨ ᠨᠥᠬᠦᠪᠥᠷᠢ ᠭᠥᠷᠳᠡᠬᠦ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ

ᠮᠡᠲᠦ ᠵᠠᠷᠯᠠᠶ᠎ᠠ᠄

        ᠪᠠᠶᠠᠨᠨᠠᠭᠤᠷ ᠬᠤᠲᠠ ᠶᠢᠨ ᠠᠨ  ᠰᠢᠨ ᠠᠵᠢᠯ  ᠮᠡᠷᠬᠡᠵᠢᠯ ᠤᠨ ᠪᠣᠯᠪᠠᠰᠤᠷᠠᠯ ᠤᠨ ᠰᠤᠷᠭᠠᠭᠤᠯᠢ

       ︽ᠡᠧᠦ᠋ᠷᠤᠫᠠ ᠪᠤᠭᠤᠷᠰᠤᠭ ᠤᠨ ᠲᠤᠭᠤᠭᠠᠴᠢ︾ ︵2024.7.22024.8.3︶ ᠂ ᠪᠣᠯᠪᠠᠰᠤᠷᠠᠭᠤᠯᠤᠯ ᠤᠨ ᠨᠥᠬᠦᠪᠥᠷᠢ 44 ᠬᠦᠮᠤᠨ ᠬᠦᠷᠳᠡᠵᠤ᠂

ᠪᠣᠯᠪᠠᠰᠤᠷᠠᠭᠤᠯᠤᠯ ᠤᠨ ᠨᠥᠬᠦᠪᠥᠷᠢ ᠮᠥᠩᠭᠦ ᠶᠢᠨ ᠲᠤᠭ᠎ᠠ ᠨᠢ 95040 ᠲᠥᠭᠦᠷᠢᠭ᠂ ᠠᠮᠢᠳᠤᠷᠠᠯ ᠤᠨ ᠵᠠᠷᠤᠳᠠᠯ ︵ᠵᠠᠮ ᠬᠠᠷᠢᠯᠴᠠᠭᠠᠨ ᠤ ᠵᠠᠷᠤᠳᠠᠯ ᠪᠠᠭᠲᠠᠨ᠎ᠠ︶ ᠤᠨ

ᠨᠥᠬᠦᠪᠥᠷᠢ 144700 ᠲᠥᠭᠦᠷᠢᠭ ᠪᠠᠶᠢᠵᠤ᠂ ᠪᠠᠯᠠ ᠮᠥᠩᠭᠦ ᠨᠢ ᠨᠡᠶᠢᠲᠡ 239740 ᠲᠥᠭᠦᠷᠢᠭ ᠪᠣᠯᠤᠨ᠎ᠠ᠃

        ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠤ ᠰᠠᠨᠠᠯ ᠲᠠᠢ ᠪᠠᠶᠢᠪᠠᠯ᠂ ᠨᠢᠭᠡᠴᠢ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ

ᠢᠷᠡᠭᠦᠯᠬᠦ ᠵᠡᠷᠭᠡ ᠠᠷᠭ᠎ᠠ ᠬᠡᠯᠪᠠᠷᠢ ᠪᠠᠷ ᠳᠠᠮᠵᠢᠭᠤᠯᠤᠨ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠲᠤ ᠲᠤᠰᠬᠠᠵᠤ᠂ ᠪᠠᠶᠢᠳᠠᠯ ᠢ ᠲᠤᠰᠬᠠᠬᠤ ᠳᠤ ᠡᠷᠬᠡᠪᠰᠢ

ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠲᠥᠪ ᠭᠤᠤᠯᠴᠢ ᠪᠠᠶᠢᠵᠤ᠂ ᠲᠤᠰᠬᠠᠭᠴᠢ ᠨᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ

ᠤᠲᠠᠰᠤ ᠪᠠ ᠴᠢᠮᠡᠭᠡ ᠨᠡᠪᠲᠡᠷᠡᠯᠭᠡ ᠶᠢᠨ ᠬᠠᠶ᠋ᠢᠭ ᠵᠡᠷᠭᠡ ᠶᠢ ᠬᠠᠩᠭᠠᠬᠤ ᠬᠡᠷᠡᠭᠲᠡᠢ᠃

       ᠨᠢᠭᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ 2024 ᠣᠨ ᠤ 9 ᠰᠠᠷ᠎ᠠ ᠶᠢᠨ 18 ᠤ ᠡᠳᠦᠷ ᠠᠴᠠ ᠡᠬᠢᠯᠡᠨ 2024

ᠣᠨ ᠤ 9 ᠰᠠᠷ᠎ᠠ ᠶᠢᠨ 24 ᠤ ᠡᠳᠦᠷ ᠳᠠᠭᠤᠰᠤᠨ᠎ᠠ᠃

       ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ

ᠲᠥᠪ ᠤᠨ 401 ᠭᠡᠷ

      ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0478 - 4665391

      ᠳᠥᠷᠪᠡ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0478 - 4666692

   

             ᠤᠷᠠᠳ ᠤᠨ ᠬᠤᠶᠢᠳᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ

                      2024 ᠣᠨ ᠤ 9 ᠰᠠᠷ᠎ᠠ ᠶᠢᠨ 18 ᠤ ᠡᠳᠦᠷ

   

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ